ᠡᠨᠡ ᠵᠢᠯ ᠮᠠᠨ ᠤ ᠬᠤᠲᠠ ︽  ᠮᠦᠩᠭᠡ ᠰᠤᠪᠠᠭ ·ᠨᠢᠭᠡᠯᠡ ᠤᠳᠠᠭ᠎ᠠ ᠳᠤ ᠬᠦᠢᠴᠡᠳᠭᠡᠬᠦ︾ ᠭᠤᠣᠯ ᠰᠡᠳᠦᠪᠲᠦ ᠦᠢᠯᠡᠴᠢᠯᠡᠭᠡ ᠶᠢ 10 ᠶᠢ ᠰᠢᠨ᠎ᠡ ᠪᠠᠷ ᠨᠡᠮᠡᠪᠡ
ᠨᠡᠶᠢᠲᠡᠯᠡᠭᠰᠡᠨ ᠴᠠᠭ᠄
2022/9/19
      ᠣᠶᠢᠷ᠎ᠠ ᠳᠤ᠂ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠣᠲᠣ ᠪᠣᠯᠲᠠᠯ᠎ᠠ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ︽ᠮᠦᠩᠭᠡ ᠰᠤᠪᠠᠭ ·ᠨᠢᠭᠡᠯᠡ ᠤᠳᠠᠭ᠎ᠠ ᠳᠤ ᠬᠦᠢᠴᠡᠳᠭᠡᠬᠦ︾ ᠭᠤᠣᠯ ᠰᠡᠳᠦᠪᠲᠦ ᠦᠢᠯᠡᠴᠢᠯᠡᠭᠡ ᠶᠢ 10 ᠶᠢ ᠰᠢᠨ᠎ᠡ ᠪᠠᠷ ᠨᠡᠮᠡᠪᠡ       ᠡᠨᠡ ᠵᠢᠯ ᠠᠴᠠ ᠨᠠᠭᠠᠰᠢ᠂ ᠲᠤᠰ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ 103 ︽ᠮᠦᠩᠭᠡ ᠰᠤᠪᠠᠭ ·ᠨᠢᠭᠡᠯᠡ ᠤᠳᠠᠭ᠎ᠠ ᠳᠤ ᠬᠦᠢᠴᠡᠳᠭᠡᠬᠦ︾ ᠵᠦᠢᠯᠡᠰ ᠤᠨ ᠰᠠᠭᠤᠷᠢᠨ ᠳᠡᠭᠡᠷ᠎ᠡ᠂ ᠵᠦᠢᠯᠡᠰ ᠢ ᠰᠢᠯᠢᠨ ᠰᠣᠩᠭᠤᠬᠤ᠂ ᠬᠠᠤᠯᠢ ᠲᠣᠭᠲᠠᠭᠠᠯ ᠢ ᠰᠤᠳᠤᠯᠤᠨ ᠮᠠᠭᠠᠳᠯᠠᠬᠤ᠂ ᠶᠠᠪᠤᠴᠠ ᠶᠢ ᠰᠢᠯᠢᠳᠡᠭᠵᠢᠭᠦᠯᠬᠦ ᠪᠠᠷ ᠳᠡᠮᠵᠢᠨ᠂ ︽ᠪᠢ ᠡᠮ ᠤᠨ ᠳᠡᠯᠭᠡᠭᠦᠷ ᠨᠡᠭᠡᠭᠡᠵᠦ ᠡᠮᠴᠢᠯᠡᠭᠡᠨ ᠤ ᠪᠠᠭᠠᠵᠢ ᠬᠡᠷᠡᠭᠰᠡᠯ ᠢ ᠬᠠᠪᠰᠤᠷᠭᠠᠨ ᠡᠵᠡᠩᠨᠡᠨ᠎ᠡ᠂ ᠪᠢ ᠡᠮᠨᠡᠯᠭᠡ ᠶᠢᠨ ᠬᠤᠷᠢᠶ᠎ᠠ ︵ᠵᠥᠪᠬᠡᠨ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠪᠠᠷ ᠬᠢᠵᠠᠭᠠᠷᠯᠠᠨ᠎ᠠ︶ ᠡᠷᠭᠢᠯᠡᠨ᠎ᠡ᠂ ᠪᠢ ᠭᠠᠳᠠᠭᠠᠳᠤ ᠶᠢᠨ ᠡᠮᠴᠢ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠭᠦᠢᠴᠡᠳᠬᠡᠨ᠎ᠡ᠂ ᠪᠢ ᠪᠡᠶ᠎ᠡ ᠶᠢᠨ ᠲᠠᠮᠢᠷ ᠤᠨ ᠺᠯᠦ᠋ᠪ ᠡᠷᠭᠢᠯᠡᠨ᠎ᠡ᠂ ᠪᠢ ᠠᠷᠠᠳ ᠠᠴᠠ ᠡᠷᠭᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠡᠷᠬᠢᠯᠡᠨ᠎ᠡ︾ ᠵᠡᠷᠭᠡ 10 ︽ᠨᠢᠭᠡ ᠤᠴᠢᠷ ᠢ ᠨᠢᠭᠡᠯᠡ ᠤᠳᠠᠭ᠎ᠠ ᠳᠤ ᠭᠦᠢᠴᠡᠳᠬᠡᠬᠦ︾ ᠵᠦᠢᠯᠡᠰ ᠤᠨ ᠨᠠᠷᠢᠨ ᠬᠠᠭᠤᠳᠠᠰᠤ ᠶᠢ ᠪᠦᠷᠢᠯᠳᠦᠭᠦᠯᠵᠦ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠠᠭ ᠤᠨ ᠬᠢᠵᠠᠭᠠᠷ ᠵᠡᠷᠭᠡ ᠮᠡᠳᠡᠭᠡ ᠵᠠᠩᠭᠢ ᠶᠢ ᠡᠮᠬᠢᠯᠡᠵᠦ ᠳᠠᠭᠤᠰᠬᠠᠭᠠᠳ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ︽ᠨᠢᠭᠡᠯᠡ ᠤᠳᠠᠭ᠎ᠠ ᠳᠤ ᠭᠦᠢᠴᠡᠳᠬᠡᠬᠦ︾ ᠲᠤᠰᠬᠠᠢ ᠣᠷᠣᠨ ᠳᠤ ᠨᠡᠶᠢᠲᠡᠯᠡᠵᠦ᠂  ᠬᠡᠷᠡᠭᠯᠡᠬᠦ ᠬᠤᠭᠤᠰᠤᠨ ᠡᠯᠧᠺᠲᠷᠣᠨ ᠬᠦᠰᠦᠨᠦᠭ ᠪᠠ ᠵᠢᠱᠢᠶ᠎ᠡ ᠦᠵᠡᠭᠦᠯᠬᠦ ᠡᠯᠧᠺᠲᠷᠣᠨ ᠥᠯᠢᠭᠡᠷ ᠬᠦᠰᠦᠨᠦᠭᠲᠦ ᠶᠢ ᠪᠠᠭᠤᠯᠭᠠᠬᠤ ᠦᠢᠯᠡᠴᠢᠯᠡᠭᠡ ᠶᠢ ᠵᠡᠷᠭᠡ ᠳᠤᠨᠢ ᠬᠠᠩᠭᠠᠵᠤ ᠪᠠᠶᠢᠨ᠎ᠠ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ