ᠬᠤᠶᠠᠳᠤᠭᠠᠷ ᠬᠤᠭᠤᠴᠠᠭᠠᠨ ᠤ ︽ᠠᠺᠠᠳᠧᠮᠢᠴᠢ ᠶᠢᠨ ᠬᠥᠬᠡᠬᠤᠲᠠ ᠳᠠᠬᠢ ᠠᠶᠠᠯᠠᠯ︾ ᠤᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2022/9/19
          ᠪᠣᠣ ᠭᠠᠩ ᠪᠠᠶᠠᠷ ᠤᠨ ᠦᠭᠡ ᠬᠡᠯᠡᠪᠡ ᠯᠢ ᠢᠦᠢ ᠭᠠᠩ  ᠪᠦᠦ ᠰᠢᠶᠠᠨ ᠬᠤᠸᠠ ᠣᠷᠤᠯᠴᠠᠵᠤ ᠾᠧ ᠬᠠᠢ ᠳ᠋ᠦᠩ  ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 9 ᠳ᠋ᠤᠭᠡᠷ ᠰᠠᠷ᠎ᠠ ᠶᠢᠨ 17  ᠤ ᠡᠳᠦᠷ᠂ ︽ᠤᠶᠤᠨ ᠢ ᠲᠥᠪᠯᠡᠷᠡᠭᠦᠯᠵᠦ ᠬᠦᠴᠦᠨ ᠢ  ᠬᠤᠷᠠᠮᠳᠤᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠤᠯᠭᠤᠵᠤ᠂ ᠣᠷᠣᠨ ᠤ ᠲᠥᠪ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ  ᠨᠡᠮᠡᠷᠢᠯᠡᠶ᠎ᠡ︾ ᠭᠡᠬᠦ ᠭᠤᠣᠯ ᠰᠡᠳᠦᠪ  ᠲᠠᠢ ᠬᠤᠶᠠᠳᠤᠭᠠᠷ ᠬᠤᠭᠤᠴᠠᠭᠠᠨ ᠤ ︽ᠠᠺᠠᠳᠧᠮᠢᠴᠢ ᠶᠢᠨ ᠬᠥᠬᠡᠬᠤᠲᠠ  ᠳᠠᠬᠢ ᠠᠶᠠᠯᠠᠯ︾ ᠤᠨ ᠠᠵᠢᠯᠯᠠᠭ᠎ᠠ ᠴᠡᠯᠡᠭᠡᠷ ᠲᠠᠯ᠎ᠠ ᠲᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠡᠷᠭᠢᠯᠡᠪᠡ᠃      ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠬᠤ᠋ ᠸᠧᠨ ᠷᠦᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠱᠧᠨ ᠴᠠᠩ ᠰᠢᠶᠠᠩ᠂ ᠳᠤᠮᠳᠠᠳᠤ ᠤᠯᠤᠰ ᠤᠨ ᠤᠯᠠᠨ ᠤᠯᠤᠰ ᠤᠨ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ ᠶᠢ ᠠᠬᠢᠭᠤᠯᠬᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠶᠠᠩ ᠴᠦᠨ ᠭᠤᠸᠠᠩ᠂ ᠳᠤᠮᠳᠠᠳᠤ ᠤᠯᠤᠰ ᠤᠨ ᠬᠡᠮᠵᠢᠨ ᠵᠢᠷᠤᠬᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠰᠦᠩ ᠴᠤᠤ ᡁᠢ ᠲᠤᠬᠠᠢ ᠶᠢᠨ ᠲᠠᠯᠠᠪᠠᠢ ᠳᠤ ᠪᠣᠶᠤ ᠸᠢᠳᠢᠤ᠋  ᠮᠠᠶ᠋ᠢᠭ ᠢᠶᠠᠷ ᠬᠡᠯᠪᠡᠷᠢ ᠪᠠᠷ ᠠᠵᠢᠯᠯᠠᠭ᠎ᠠ ᠳᠤ ᠪᠠᠶᠠᠷ ᠤᠨ ᠦᠭᠡ ᠬᠡᠯᠡᠪᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠠᠨ ᠴᠦ ᠯᠢᠶᠠᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠵᠠᠩ ᠯᠢ ᠴᠢᠶᠦ᠋ᠨ᠂ ᠤᠯᠠᠨ ᠤᠯᠤᠰ ᠤᠨ ᠡᠸᠦ᠋ᠷᠦᠫᠡ ᠠᠽᠢᠶ᠎ᠠ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠠᠩ ᠺᠠᠢ ᠵᠦᠩ᠂ ᠠᠦ᠋ᠰᠲᠷᠠᠯᠢᠶ᠎ᠠ ᠶᠢᠨ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠯᠢᠦ ᠺᠧ ᠵᠡᠷᠭᠡ ᠲᠤᠰᠬᠠᠢ ᠮᠡᠷᠭᠡᠵᠢᠯᠲᠡᠨ ᠥᠪᠡᠷ ᠥᠪᠡᠷ ᠤᠨ ᠢᠶᠠᠨ ᠲᠤᠰᠬᠠᠢ ᠮᠡᠷᠭᠡᠵᠢᠯ ᠤᠨ ᠬᠦᠷᠢᠶ᠎ᠡ ᠴᠠᠷᠠᠭ᠎ᠠ ᠲᠠᠢ ᠤᠶᠠᠯᠳᠤᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠭᠤᠣᠯ  ᠵᠣᠷᠢᠯᠲᠠᠲᠤ ᠮᠡᠳᠡᠭᠦᠯᠦᠯᠲᠡ ᠬᠢᠵᠡᠢ᠃      ᠣᠶᠢᠯᠠᠭᠠᠭᠰᠠᠨ ᠢᠶᠠᠷ᠂ ︽ᠠᠺᠠᠳᠧᠮᠢᠴᠢ ᠶᠢᠨ ᠬᠥᠬᠡᠬᠤᠲᠠ ᠳᠠᠬᠢ ᠠᠶᠠᠯᠠᠯ︾ ᠤᠨ ᠠᠵᠢᠯᠯᠠᠭ᠎ᠠ ᠶᠢ ᠨᠢᠳᠤᠨᠤᠨ ᠠᠴᠠ ᠡᠬᠢᠯᠡᠨ ᠬᠢᠭᠰᠡᠨ ᠠᠴᠠ ᠨᠠᠭᠠᠰᠢ᠂ ᠶᠡᠭᠡ ᠬᠡᠮᠵᠢᠶᠡᠨ ᠤ ᠦᠷ᠎ᠡ ᠪᠦᠲᠦᠭᠡᠯ ᠢ ᠬᠥᠬᠡᠬᠤᠲᠠ ᠳᠤ    ᠨᠠᠶᠢᠳᠠᠪᠤᠷᠢᠵᠢᠭᠤᠯᠵᠤ᠂ ᠮᠠᠰᠢ ᠰᠠᠶᠢᠨ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠭᠰᠠᠨ ᠪᠠᠶᠢᠨ᠎ᠠ᠃ ᠲᠤᠰ ᠬᠤᠭᠤᠴᠠᠭᠠᠨ ᠤ ︽ᠠᠺᠠᠳᠧᠮᠢᠴᠢ ᠶᠢᠨ ᠬᠥᠬᠡᠬᠤᠲᠠ ᠳᠠᠬᠢ ᠠᠶᠠᠯᠠᠯ︾ ᠤᠨ ᠠᠵᠢᠯᠯᠠᠭ᠎ᠠ ᠨᠢ ᠦᠷᠭᠦᠯᠵᠢᠯᠡᠨ ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ ᠠᠺᠠᠳᠧᠮᠢᠴᠢ ᠲᠤᠰᠬᠠᠢ ᠮᠡᠷᠭᠡᠵᠢᠯᠲᠡᠨ ᠢᠶᠠᠷ ᠲᠥᠯᠥᠭᠡᠯᠡᠭᠦᠯᠦᠭᠰᠡᠨ ᠳᠡᠭᠡᠳᠦ ᠳᠡᠰ ᠤᠨ ᠴᠢᠳᠠᠪᠤᠷᠢᠲᠠᠨ ᠢ ᠴᠤᠭᠯᠠᠭᠤᠯᠵᠤ᠂ ᠴᠢᠳᠠᠪᠤᠷᠢᠲᠠᠨ ᠤ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠡᠩ ᠣᠯᠠᠨ ᠠᠺᠠᠳᠧᠮᠢᠴᠢ᠂ ᠲᠤᠰᠬᠠᠢ ᠮᠡᠷᠭᠡᠵᠢᠯᠲᠡᠳ ᠤᠨ ᠬᠥᠭᠵᠢᠯᠲᠡ ᠶᠢᠨ ᠬᠠᠷᠠᠴᠠ  ᠪᠠᠨ ᠬᠥᠬᠡᠬᠤᠲᠠ ᠳᠤ ᠲᠥᠪᠯᠡᠷᠡᠭᠦᠯᠵᠦ᠂ ᠰᠤᠳᠤᠯᠭᠠᠨ ᠤ ᠦᠷ᠎ᠡ ᠪᠦᠲᠦᠭᠡᠯ ᠢᠶᠠᠨ ᠬᠥᠬᠡᠬᠤᠲᠠ ᠳᠤ ᠤᠯᠠᠷᠢᠭᠤᠯᠤᠨ᠂ ᠰᠢᠨ᠎ᠡ ᠰᠡᠳᠬᠢᠴᠡ᠂ ᠰᠢᠨ᠎ᠡ ᠬᠡᠪ ᠵᠠᠭᠪᠤᠷ᠂ ᠰᠢᠨ᠎ᠡ ᠠᠬᠤᠢ ᠪᠠᠶᠢᠳᠠᠯ ᠢ ᠬᠥᠬᠡᠬᠤᠲᠠ ᠳᠤ ᠦᠢᠯᠡᠳᠦᠯᠭᠡᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠣᠷᠣᠨ ᠤ ᠲᠥᠪ ᠢ ᠬᠠᠮᠲᠤᠷᠠᠨ ᠤᠨᠤᠰᠢᠯᠠᠵᠤ᠂  ᠨᠠᠨᠳᠢᠨ ᠲᠤᠷᠰᠢᠯᠭ᠎ᠠ ᠪᠠᠨ ᠤᠯᠠᠮᠵᠢᠯᠠᠵᠤ᠂ ᠣᠷᠣᠨ ᠤ ᠲᠥᠪ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠭᠡᠮᠨᠡᠷᠡᠯ ᠢ ᠪᠣᠶ ᠪᠣᠯᠭᠠᠬᠤ ᠳᠤ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠬᠡᠬᠤᠲᠠ ᠶᠢᠨ ᠠᠵᠤ ᠦᠢᠯᠡᠰ ᠲᠤ  ᠬᠦᠭᠵᠢᠯᠲᠡ ᠶᠢᠨ ᠵᠢᠭᠦᠷ ᠤᠷᠭᠤᠭᠤᠯᠬᠤ ᠶᠢ ᠠᠬᠢᠭᠤᠯᠬᠤ ᠪᠣᠯᠤᠨ᠎ᠠ᠃      ᠠᠵᠢᠯᠯᠠᠭ᠎ᠠ ᠶᠢᠨ  ᠠᠬᠤᠢ ᠲᠠᠯᠠᠪᠠᠢ ᠳᠤ᠂ ᠥᠪᠥᠷ ᠮᠣᠩᠭᠤᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠲᠠᠪᠴᠠᠩ ᠨᠢ ᠠᠩᠬᠠᠨ ᠤ ᠪᠦᠯᠦᠭ ᠨᠤᠲᠤᠭᠰᠢᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠲᠠᠢ ᠭᠡᠷ᠎ᠡ ᠲᠣᠭᠲᠠᠵᠠᠢ᠃      ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠸᠠᠩ ᠢᠦᠢ ᠱᠧᠩ᠂ ᠳᠤᠮᠳᠠᠳᠤ ᠤᠯᠤᠰ ᠤᠨ ᠪᠠᠷᠠᠭᠤᠨ ᠣᠷᠣᠨ ᠤ ᠨᠡᠭᠡᠭᠡᠨ ᠬᠥᠭᠵᠢᠭᠦᠯᠦᠯᠲᠡ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠵᠤᠤ ᠯᠢᠨ᠂ ᠪᠡᠭᠡᠵᠢᠩ ᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠬᠠᠮᠠᠳ ᠲᠤᠰᠬᠠᠢ ᠮᠡᠷᠭᠡᠵᠢᠯᠲᠡᠨ ᠤ ᠮᠡᠷᠭᠡᠵᠢᠯ ᠤᠨ ᠲᠥᠪ ᠤᠨ ᠳᠡᠳ᠋ ᠡᠷᠬᠢᠯᠡᠭᠴᠢ ᠸᠧᠢ ᠯᠢ ᠰᠢᠨ ᠵᠡᠷᠭᠡ ᠲᠤᠰᠬᠠᠢ ᠮᠡᠷᠭᠡᠵᠢᠯᠲᠡᠨ ᠵᠢᠴᠢ ᠮᠠᠨ ᠤ ᠣᠷᠣᠨ ᠤ ᠬᠡᠰᠡᠭ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠬᠤᠳᠠ ᠶᠢᠨ ᠤᠳᠤᠷᠢᠳᠤᠯᠭ᠎ᠠ ᠴᠠᠩ ᠫᠧᠢ ᠵᠦᠩ᠂ ᠯᠢ ᠵᠢᠶᠦ᠋ᠩ᠂ ᠼᠤᠤ ᠰᠧ ᠶᠠᠩ ᠨᠠᠷ ᠠᠵᠢᠯᠯᠠᠭ᠎ᠠ ᠳᠤ ᠣᠷᠣᠯᠴᠠᠪᠠ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ