9 ᠳ᠋ᠤᠭᠡᠷ ᠰᠠᠷ᠎ᠠ ᠶᠢᠨ 18 ᠤ ᠡᠳᠦᠷ ᠤᠨ 0 ᠴᠠᠭ ᠠᠴᠠ 24 ᠴᠠᠭ ᠪᠣᠯᠲᠠᠯᠠᠬᠢ ᠦᠪᠦᠷ ᠮᠤᠩᠭᠤᠯ  ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/19
      9 ᠳ᠋ᠤᠭᠡᠷ ᠰᠠᠷ᠎ᠠ ᠶᠢᠨ 18 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ  ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠪᠡ ︵ᠤᠯᠠᠭᠠᠨᠬᠠᠳᠠ ᠬᠤᠲᠠ ᠶᠢᠨ ᠠᠷᠤ ᠬᠤᠷᠴᠢᠨ ᠳᠤ ᠪᠣᠢ᠂ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠦᠮ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ  ᠪᠣᠢ᠂ 1 ᠶᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ 1 ᠶᠢ ᠨᠢ ᠪᠢᠲᠡᠭᠦᠦ ᠴᠠᠭᠠᠷᠢᠭ ᠤᠨ ᠬᠠᠮᠢᠶᠠᠷᠤᠯᠲᠠ ᠳᠤ ᠪᠠᠶᠢᠬᠤ ᠬᠦᠮᠦᠰ ᠤᠨ ᠰᠢᠭᠰᠢᠨ ᠪᠠᠶᠢᠴᠠᠭᠠᠯᠲᠠ ᠪᠠᠷ  ᠪᠠᠶᠢᠴᠠᠭᠠᠵᠤ ᠭᠠᠷᠭᠠᠪᠠ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 ᠪᠣᠢ᠂ ᠨᠡᠶᠢᠰᠯᠡᠯ ᠤᠨ ᠤᠯᠠᠨ ᠤᠯᠤᠰ ᠤᠨ ᠨᠢᠰᠭᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠦᠬᠡᠬᠤᠲᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠭᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ᠃  ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 21 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠰᠢᠯᠢ ᠶᠢᠨ ᠭᠤᠤᠯ ᠠᠶᠢᠮᠠᠭ ᠲᠤ 5 ︵ᠰᠢᠯᠢᠩᠬᠤᠲᠠ ᠳᠤ 4᠂ ᠡᠷᠢᠶᠡᠨ ᠬᠤᠲᠠ ᠳᠤ 1 ᠪᠣᠢ︶᠂ ᠠᠯᠠᠱᠠ ᠠᠶᠢᠮᠠᠭ ᠲᠤ 2 ︵ᠴᠦᠮ ᠴᠡᠭᠡ ᠪᠤᠭᠤᠮᠲᠠ ᠳᠤ ᠪᠣᠢ︶᠂ ᠤᠯᠠᠭᠠᠨᠬᠠᠲᠠ ᠬᠤᠲᠠ ᠳᠤ 14 ︵ᠬᠤᠩᠱᠠᠨ ᠲᠤᠭᠤᠷᠢᠭ ᠲᠤ 1᠂ ᠰᠦᠩᠱᠠᠨ ᠲᠤᠭᠤᠷᠢᠭ ᠲᠤ 4᠂ ᠤᠩᠨᠢᠭᠤᠳ ᠬᠤᠰᠢᠭᠤᠨ ᠳᠤ 9 ᠪᠣᠢ︶ ᠪᠤᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 31 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠤᠯᠠᠭᠠᠨᠬᠠᠲᠠ ᠬᠤᠲᠠ ᠳᠤ 19 ︵ᠬᠤᠩᠱᠠᠨ ᠲᠤᠭᠤᠷᠢᠭ ᠲᠤ 1᠂ ᠤᠩᠨᠢᠭᠤᠳ ᠬᠤᠰᠢᠭᠤᠨ ᠳᠤ 18 ᠪᠣᠢ︶᠂ ᠰᠢᠯᠢ ᠶᠢᠨ ᠭᠤᠤᠯ ᠠᠶᠢᠮᠠᠭ ᠲᠤ 5 ︵ᠴᠦᠮ  ᠰᠢᠯᠢᠩᠬᠤᠲᠠ ᠳᠤ ᠪᠣᠢ︶᠂ ᠠᠯᠠᠱᠠ ᠠᠶᠢᠮᠠᠭ ᠲᠤ 7 ︵ᠴᠦᠮ ᠴᠡᠭᠡ ᠪᠤᠭᠤᠮᠲᠠ ᠳᠤ ᠪᠣᠢ︶ ᠪᠤᠢ᠃      9 ᠳ᠋ᠤᠭᠡᠷ ᠰᠠᠷ᠎ᠠ ᠶᠢᠨ 18 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 246 ᠪᠣᠢ᠂ ᠡᠭᠦᠨ ᠳᠤ ᠬᠦᠯᠦᠨ ᠪᠤᠶᠢᠷ ᠬᠤᠲᠠ ᠳᠤ 5 ︵ᠴᠦᠮ ᠮᠠᠨᠵᠤᠤᠷ ᠬᠤᠲᠠ ᠳᠤ ᠪᠣᠢ︶᠂ ᠤᠯᠠᠭᠠᠨᠬᠠᠳᠠ ᠬᠤᠲᠠ ᠳᠤ 224 ︵ᠬᠤᠩᠱᠠᠨ ᠲᠣᠭᠤᠷᠢᠭ ᠲᠤ 5᠂ ᠰᠦᠩᠱᠠᠨ ᠲᠣᠭᠤᠷᠢᠭ ᠲᠤ 104᠂ ᠣᠩᠨᠢᠭᠤᠳ ᠬᠤᠰᠢᠭᠤᠨ ᠳᠤ 110᠂ ᠠᠷᠤ ᠬᠤᠷᠴᠢᠨ ᠬᠤᠰᠢᠭᠤᠨ ᠳᠤ 5 ᠪᠣᠢ︶᠂ ᠰᠢᠯᠢ ᠶᠢᠨ ᠭᠤᠣᠯ ᠠᠶᠢᠮᠠᠭ ᠲᠤ 12 ︵ᠰᠢᠯᠢᠩᠬᠤᠲᠠ ᠳᠤ 11᠂ ᠡᠷᠢᠶᠡᠨ ᠬᠤᠲᠠ ᠳᠤ 1 ᠪᠣᠢ︶᠂ ᠠᠯᠠᠱᠠ ᠠᠶᠢᠮᠠᠭ ᠲᠤ 5 ︵ᠡᠵᠡᠨ᠎ᠡ ᠬᠤᠰᠢᠭᠤᠨ ᠳᠤ 1᠂ ᠴᠡᠭᠡ ᠪᠤᠭᠤᠮᠲᠠ ᠳᠤ 4 ᠪᠣᠢ︶ ᠪᠤᠢ᠃ ᠣᠷᠣᠨ ᠨᠤᠲᠤᠭ ‍ᠤᠨ‌ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 297 ᠪᠣᠢ᠂ ᠡᠭᠦᠨ ᠳᠤ ᠤᠯᠠᠭᠠᠨᠬᠠᠳᠠ ᠬᠤᠲᠠ ᠳᠤ 237 ︵ᠬᠤᠩᠱᠠᠨ ᠲᠣᠭᠤᠷᠢᠭ ᠲᠤ 8᠂ ᠰᠦᠩᠱᠠᠨ ᠲᠣᠭᠤᠷᠢᠭ ᠲᠤ 90᠂ ᠣᠩᠨᠢᠭᠤᠳ ᠬᠤᠰᠢᠭᠤᠨ ᠳᠤ 139 ᠪᠣᠢ︶᠂ ᠰᠢᠯᠢ ᠶᠢᠨ ᠭᠤᠣᠯ ᠠᠶᠢᠮᠠᠭ ᠲᠤ 18 ︵ᠰᠢᠯᠢ ᠶᠢᠨ ᠬᠤᠲᠠ ᠰᠢᠯᠢᠩᠬᠤᠲᠠ ᠳᠤ 13᠂ ᠡᠷᠢᠶᠡᠨ ᠬᠤᠲᠠ ᠳᠤ 5 ᠪᠣᠢ︶᠂ ᠪᠠᠶᠠᠨᠨᠠᠭᠤᠷ ᠬᠤᠲᠠ ᠳᠤ 6 ︵ᠴᠥᠮ ᠯᠢᠨ ᠾᠧ ᠲᠣᠭᠤᠷᠢᠭ ᠲᠤ ᠪᠣᠢ︶᠂ ᠠᠯᠠᠱᠠ ᠠᠶᠢᠮᠠᠭ ᠲᠤ 36 ︵ᠡᠵᠡᠨ᠎ᠡ ᠬᠤᠰᠢᠭᠤᠨ ᠳᠤ 5᠂ ᠴᠡᠭᠡ ᠪᠣᠭᠤᠮᠲᠠ ᠳᠤ 31 ᠪᠣᠢ︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 6᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ᠪᠠᠶᠢᠵᠤ᠂ ᠴᠦᠮ ᠬᠥᠬᠡᠬᠤᠲᠠ ᠳᠤ ᠪᠤᠢ᠃ ᠳᠡᠭᠡᠷᠡᠬᠢ ᠬᠦᠮᠦᠰ ᠢ ᠴᠦᠮ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ  ᠭᠠᠵᠠᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ