ᠡᠾᠧ ᠬᠠᠢ ᠳ᠋ᠦᠩ ᠵᠢᠦ ᠲᠠᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠼᠦᠢ ᠯᠢᠶᠠᠨ ᠭᠦᠸᠧ ᠨᠠᠷ ᠲᠠᠢ  ᠠᠭᠤᠯᠵᠠᠪᠠ
ᠨᠡᠶᠢᠲᠡᠯᠡᠭᠰᠡᠨ ᠴᠠᠭ᠄
2022/9/20
      ︵ᠰᠤᠷᠪᠤᠯᠵᠢᠯᠠᠭᠴᠢ ᠯᠢᠶᠠᠩ ᠵᠢᠩ ᠱᠸ︶ 9 ᠳ᠋ᠤᠭᠡᠷ ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠵᠢᠦ ᠲᠠᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠼᠦᠢ ᠯᠢᠶᠠᠨ ᠭᠦᠸᠧ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠥᠪᠥᠷ ᠮᠣᠩᠭᠤᠯ ᠤᠨ  ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 100 ᠲᠦᠮᠡᠨ ᠲᠣᠨ ᠡᠲ᠋ᠠ ᠬᠤᠶᠠᠷᠴᠢ ᠠᠯᠺᠤᠤᠯ ᠦᠢᠯᠡᠳᠪᠦᠷᠢᠯᠡᠬᠦ ᠲᠦᠷᠦᠯ ᠵᠦᠢᠯ ᠤᠨ  ᠬᠠᠮᠢᠶ᠎ᠠ ᠪᠦᠬᠦᠢ ᠤᠴᠢᠷ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃      ᠾᠧ ᠬᠠᠢ ᠳ᠋ᠦᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠼᠦᠢ ᠯᠢᠶᠠᠨ ᠭᠦᠸᠧ ᠨᠠᠷ ᠢ ᠤᠭᠲᠤᠵᠤ ᠪᠠᠶᠢᠬᠤ ᠪᠠᠨ ᠢᠯᠡᠳᠬᠡᠪᠡ ᠃ ᠲᠡᠷᠡ ᠬᠡᠯᠡᠬᠦ ᠳᠡᠭᠡᠨ᠂ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 100 ᠲᠦᠮᠡᠨ ᠲᠣᠨ ᠡᠲ᠋ᠠ ᠬᠤᠶᠠᠷᠴᠢ ᠠᠯᠺᠤᠤᠯ ᠦᠢᠯᠡᠳᠪᠦᠷᠢᠯᠡᠬᠦ ᠲᠦᠷᠦᠯ ᠵᠦᠢᠯ ᠪᠣᠯ ᠬᠥᠬᠡᠬᠤᠲᠠ ᠶᠢᠨ ᠡᠨᠡ ᠵᠢᠯ ᠬᠡᠷᠡᠭᠵᠢᠭᠦᠯᠬᠦ ᠭᠤᠣᠯᠳᠠᠯᠭ᠎ᠠ ᠲᠠᠢ ᠲᠦᠷᠦᠯ ᠵᠦᠢᠯ ᠤᠨ ᠨᠢᠭᠡ ᠪᠣᠯᠣᠨ᠎ᠠ᠂ ᠲᠦᠷᠦᠯ ᠵᠦᠢᠯ ᠢ ᠠᠰᠢᠭᠯᠠᠯᠲᠠ ᠳᠤ ᠣᠷᠣᠭᠤᠯᠵᠤ ᠡᠵᠡᠩᠨᠡᠬᠦ ᠨᠢ ᠣᠷᠣᠨ ᠤ ᠲᠥᠪ ᠤᠨ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ  ᠪᠦᠭᠡᠮᠨᠡᠷᠡᠯ ᠢ ᠲᠦᠷᠭᠡᠨ ᠬᠥᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠦᠯᠦᠭᠯᠡᠯ ᠤᠨ ᠬᠢᠨ ᠲᠤᠨᠤᠭ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠬᠤ ᠪᠠᠨ ᠲᠦᠷᠭᠡᠳᠬᠡᠵᠦ᠂  ᠲᠦᠷᠭᠡᠭᠡᠨ ᠮᠠᠲ᠋ᠧᠷᠢᠶᠠᠯ ᠣᠷᠣᠭᠤᠯᠵᠤ ᠲᠤᠷᠰᠢᠨ ᠦᠢᠯᠡᠳᠪᠦᠷᠢᠯᠡᠬᠦ ᠶᠢᠨ ᠬᠠᠮᠲᠤ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠳᠣᠣᠷᠠᠳᠤ ᠤᠷᠤᠰᠬᠠᠯ ᠲᠡᠶᠢᠰᠢ ᠨᠠᠷᠢᠯᠢᠭᠵᠢᠭᠤᠯᠬᠤ᠂ ᠳᠡᠭᠡᠳᠦ ᠲᠡᠰ ᠤᠨ ᠪᠣᠯᠭᠠᠬᠤ ᠴᠢᠭᠯᠡᠯ ᠲᠡᠰᠢ ᠠᠯᠬᠤᠮ ᠠᠯᠬᠤᠮ ᠢᠶᠠᠷ ᠤᠷᠲᠤᠳᠬᠠᠬᠤ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠬᠢᠨ  ᠪᠠᠲᠤᠯᠠᠭ᠎ᠠ ᠶᠢᠨ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠡᠷᠲᠡᠬᠡᠨ ᠦᠷ᠎ᠡ ᠠᠰᠢᠭ ᠣᠯᠬᠤ ᠶᠢ ᠠᠬᠢᠭᠤᠯᠤᠨ᠎ᠠ ᠭᠡᠵᠡᠢ᠃      ᠼᠦᠢ ᠯᠢᠶᠠᠨ ᠭᠦᠸᠧ ᠡᠩ ᠲᠡᠷᠢᠭᠦᠨ ᠳᠤ ᠬᠥᠬᠡᠬᠤᠲᠠ ᠶᠢᠨ ᠵᠢᠦ ᠲᠠᠢ ᠪᠦᠯᠦᠭᠯᠡᠯ ᠳᠤ ᠦᠵᠡᠭᠦᠯᠦᠭᠰᠡᠨ ᠬᠠᠪᠰᠤᠷᠤᠯᠭ᠎ᠠ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠳᠥᠭᠦᠮᠬᠡᠨ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠪᠦᠯᠦᠭᠯᠡᠯ ᠤᠨ ᠬᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠠᠯ᠎ᠠ ᠪᠠᠷ ᠬᠢ ᠠᠮᠵᠢᠯᠲᠠ ᠲᠠᠢ ᠲᠤᠷᠰᠢᠯᠭ᠎ᠠ ᠪᠣᠯᠣᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠨᠡᠭᠦᠷᠡᠰᠦᠨ ᠤ ᠡᠬᠢ ᠪᠠᠶᠠᠯᠢᠭ ᠢ ᠭᠦᠨᠵᠡᠭᠡᠢ ᠨᠡᠭᠡᠭᠡᠨ ᠬᠥᠭᠵᠢᠭᠦᠯᠬᠦ᠂ ᠬᠡᠯᠬᠢᠶ᠎ᠡ ᠶᠢ ᠤᠷᠳᠤᠳᠬᠠᠨ ᠦᠷᠳᠡᠭ ᠢ ᠨᠡᠮᠡᠭᠳᠡᠭᠦᠯᠬᠦ ᠶᠢ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠡᠢ᠃     ᠬᠤᠳᠠ ᠶᠢᠨ ᠳᠡᠳ᠋ ᠳᠠᠷᠤᠭ᠎ᠠ ᠯᠢ ᠰᠢᠶᠣᠣ ᠶᠠᠨ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠤᠯᠪᠣᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ