ᠾᠧ ᠬᠠᠢ ᠳ᠋ᠦᠩ ᠬᠤᠲᠠ ᠶᠢᠨ ᠳᠠᠷᠤᠭ᠎ᠠ ᠶᠢᠨ ᠠᠯᠪᠠᠨ ᠬᠤᠷᠠᠯ ᠢ ᠡᠷᠭᠢᠯᠡᠨ ᠬᠤᠷᠠᠯᠳᠤᠭᠤᠯᠵᠤ ᠪᠦᠬᠦ ᠬᠤᠲᠠ ᠶᠢᠨ ᠨᠡᠭᠡᠭᠡᠯᠲᠡ ᠶᠢᠨ ᠲᠣᠭᠤᠷᠢᠭ ᠤᠨ ᠰᠤᠯᠠ ᠲᠠᠯᠪᠢᠵᠤ ᠪᠠᠶᠢᠭ᠎ᠠ ᠡᠬᠢ ᠪᠠᠶᠠᠯᠢᠭ ᠤᠨ  ᠬᠦᠴᠦᠨ ᠵᠦᠢᠯ ᠢ ᠲᠣᠶᠢᠯᠪᠤᠷᠢᠲᠠᠢ ᠪᠠᠶᠢᠴᠠᠭᠠᠬᠤ ᠠᠵᠢᠯ ᠢ ᠠᠬᠢᠭᠤᠯᠬᠤ ᠲᠤᠬᠠᠢ ᠲᠣᠬᠢᠷᠠᠭᠤᠯᠪᠠ
ᠨᠡᠶᠢᠲᠡᠯᠡᠭᠰᠡᠨ ᠴᠠᠭ᠄
2022/9/20
      ︵ᠰᠤᠷᠪᠤᠯᠵᠢᠯᠠᠭᠴᠢ ᠯᠢᠶᠠᠩ ᠵᠢᠩ ᠱᠦ︶ 9 ᠳ᠋ᠤᠭᠡᠷ ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠬᠤᠳᠠ ᠶᠢᠨ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠳᠠ ᠶᠢᠨ ᠨᠡᠭᠡᠭᠡᠯᠲᠡ ᠶᠢᠨ ᠲᠣᠭᠤᠷᠢᠭ ᠤᠨ ᠰᠤᠯᠠ ᠲᠠᠯᠪᠢᠵᠦ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠢ ᠲᠣᠶᠢᠯᠪᠤᠷᠢᠲᠠᠢ ᠪᠠᠶᠢᠴᠠᠭᠠᠬᠤ ᠠᠵᠢᠯ ᠢ ᠠᠬᠢᠭᠤᠯᠬᠤ ᠲᠤᠬᠠᠢ ᠲᠣᠬᠢᠷᠠᠭᠤᠯᠤᠭᠰᠠᠨ ᠤ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠳᠠ ᠶᠢᠨ ᠨᠡᠭᠡᠭᠡᠯᠲᠡ ᠶᠢᠨ ᠲᠣᠭᠤᠷᠢᠭ ᠤᠨ ᠰᠤᠯᠠ ᠲᠠᠯᠪᠢᠵᠤ ᠪᠠᠶᠢᠭ᠎ᠠ ᠡᠬᠢ ᠪᠠᠶᠠᠯᠢᠭ ᠤᠨ  ᠬᠦᠴᠦᠨ ᠵᠦᠢᠯ ᠢ ᠲᠣᠶᠢᠯᠪᠤᠷᠢᠲᠠᠢ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠬᠤᠳᠠ ᠶᠢᠨ ᠨᠡᠭᠡᠭᠡᠯᠲᠡ ᠶᠢᠨ ᠲᠣᠭᠤᠷᠢᠭ ᠤᠨ ᠬᠦᠷᠢᠶᠡᠨ ᠳᠤ ᠣᠷᠣᠰᠢᠵᠤ ᠪᠠᠶᠢᠭ᠎ᠠ ᠡᠬᠢ ᠪᠠᠶᠠᠯᠢᠭ ᠢ ᠰᠤᠯᠠ ᠲᠠᠯᠪᠢᠬᠤ᠂ ᠳᠣᠣᠷ᠎ᠠ ᠦᠷ᠎ᠡ ᠠᠰᠢᠭ ᠲᠠᠢ ᠠᠰᠢᠭᠯᠠᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠠᠷᠪᠢᠲᠠᠢ ᠡᠷᠴᠢᠮᠲᠡᠢ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠬᠡᠷᠡᠭᠲᠡᠢ᠃ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂  ᠳᠠᠷᠤᠭᠳᠠᠮᠠᠯ ᠪᠡᠯᠡ ᠮᠥᠩᠭᠦ᠂ ᠵᠥᠪᠰᠢᠶᠡᠷᠡᠭᠦᠯᠦᠭᠡᠳ ᠬᠠᠩᠭᠠᠭᠰᠠᠨ ᠦᠭᠡᠢ᠂ ᠰᠤᠯᠠ  ᠲᠠᠯᠪᠢᠵᠦ ᠪᠠᠶᠢᠭ᠎ᠠ ᠭᠠᠵᠠᠷ ᠰᠢᠷᠣᠢ᠂ ᠰᠠᠭᠤᠷᠢ ᠪᠡᠯᠡᠳᠬᠡᠮᠵᠢ ᠶᠢᠨ ᠦᠯᠡᠳᠡᠭᠡᠯ ᠡᠳ᠋ ᠬᠥᠷᠥᠩᠭᠡ᠂ ᠦᠢᠯᠡᠳᠪᠦᠷᠢᠯᠡᠬᠦ ᠪᠠᠨ ᠵᠣᠭᠰᠣᠭᠰᠠᠨ ᠠᠵᠤ ᠠᠬᠤᠶᠢᠯᠠᠯ ᠪᠠ ᠪᠠᠶᠢᠭᠤᠯᠬᠤ ᠪᠠᠨ ᠵᠣᠭᠰᠣᠭᠰᠠᠨ ᠲᠥᠷᠥᠯ ᠵᠦᠢᠯ᠂ ᠬᠦᠷᠢᠶᠡᠯᠡᠩ ᠲᠣᠭᠤᠷᠢᠭ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠪᠠᠶᠢᠳᠠᠯ ᠵᠡᠷᠭᠡ ᠲᠠᠯ᠎ᠠ ᠶᠢᠨ ᠠᠰᠠᠭᠤᠳᠠᠯ ᠤᠨ ᠡᠬᠡ ᠲᠠᠩᠰᠠ ᠶᠢ ᠦᠨᠳᠦᠰᠦᠯᠡᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭᠠᠵᠤ᠂ ᠵᠢᠷᠤᠭ ᠡᠯᠭᠦᠨ ᠪᠠᠶᠢᠯᠳᠤᠵᠤ᠂ ᠨᠢᠭᠡ ᠨᠢᠭᠡ ᠪᠠᠷ ᠳ᠋ᠤᠭᠠᠷ ᠬᠠᠰᠤᠵᠤ᠂ ᠠᠵᠢᠯ ᠤᠨ ᠡᠭᠦᠷᠭᠡ ᠪᠠᠨ ᠴᠠᠭ ᠬᠤᠭᠤᠴᠠᠭ᠎ᠠ᠂ ᠱᠠᠭᠠᠷᠳᠠᠯᠭ᠎ᠠ ᠶᠣᠰᠣᠭᠠᠷ᠂ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠦᠨ᠂ ᠬᠠᠷᠢᠭᠤᠴᠠᠯᠭᠠᠲᠤ ᠰᠠᠯᠠᠭ᠎ᠠ ᠮᠥᠴᠢᠷ ᠪᠠ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠨᠠᠷᠢᠨ  ᠬᠠᠭᠤᠳᠠᠰᠤ  ᠭᠠᠷᠭᠠᠨ ᠬᠠᠮᠢᠶᠠᠷᠴᠤ᠂ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠴᠢᠩᠭᠠᠷᠠᠭᠤᠯᠤᠨ᠂ ᠬᠢᠨᠠᠨ ᠵᠢᠯᠤᠭᠤᠳᠴᠤ ᠵᠠᠷᠯᠠᠬᠤ ᠲᠣᠭᠲᠠᠴᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠤᠳᠠᠭᠠᠨ᠂ ᠪᠡᠶᠡᠯᠡᠭᠦᠯᠦᠭᠰᠡᠨ ᠶᠠᠰᠤ ᠴᠢᠨᠠᠷ ᠢᠶᠠᠷ ᠠᠨᠠᠢ ᠭᠠᠵᠠᠷ ᠣᠷᠣᠨ ᠰᠠᠯᠠᠭ᠎ᠠ ᠮᠥᠴᠢᠷ ᠢ ᠵᠠᠷᠯᠠᠨ᠂ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠢ  ᠲᠣᠶᠢᠯᠪᠤᠷᠢᠲᠠᠢ ᠪᠠᠶᠢᠴᠠᠭᠠᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠳᠠ ᠶᠢᠨ ᠳᠡᠳ᠋ ᠳᠠᠷᠤᠭ᠎ᠠ ᠯᠢ ᠰᠢᠶᠣᠣ ᠶᠠᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ  ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠪᠠ ᠬᠤᠯᠪᠤᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ