9 ᠳ᠋ᠤᠭᠡᠷ ᠰᠠᠷ᠎ᠠ ᠶᠢᠨ 19 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/20
      9 ᠳ᠋ᠤᠭᠡᠷ ᠰᠠᠷ᠎ᠠ ᠶᠢᠨ 19 ᠤ ᠡᠳᠦᠷ ᠤᠨ 0  ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃  ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 2 ︵ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ ᠠᠴᠠ ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠵᠤ ᠬᠤᠪᠢᠷᠠᠭᠰᠠᠨ 1 ᠵᠢᠱᠢᠶ᠎ᠡ ᠶᠢ ᠪᠠᠭᠲᠠᠭᠠᠨ᠎ᠠ︶᠂ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ 1 ᠨᠡᠮᠡᠭᠳᠡᠪᠡ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠰᠢᠯᠵᠢᠭᠦᠯᠦᠭᠰᠡᠨ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 7 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 4 ︵ᠴᠥᠮ ᠰᠢᠯᠢᠩᠬᠤᠲᠠ ᠳᠤ ᠪᠣᠶ︶᠂ ᠠᠯᠠᠱᠠ ᠠᠶᠢᠮᠠᠭ ᠲᠤ 3 ︵ᠴᠥᠮ ᠴᠡᠭᠡ ᠪᠣᠭᠤᠮᠲᠠ ᠳᠤ ᠪᠣᠶ︶ ᠪᠣᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ20 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 8 ︵ᠰᠢᠯᠢᠩᠬᠤᠲᠠ ᠳᠤ 5᠂ ᠡᠷᠢᠶᠡᠨ ᠬᠤᠲᠠ ᠳᠤ 3 ᠪᠣᠢ︶᠂ ᠠᠯᠠᠱᠠ ᠠᠶᠢᠮᠠᠭ ᠲᠤ 12 ︵ᠴᠥᠮ ᠴᠡᠭᠡ ᠪᠣᠭᠤᠮᠲᠠ ᠳᠤ ᠪᠣᠶ︶ ᠪᠣᠶ᠃       9 ᠳ᠋ᠤᠭᠡᠷ ᠰᠠᠷ᠎ᠠ ᠶᠢᠨ 19 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 239 ᠪᠤᠶ᠂ ᠡᠭᠦᠨ ᠳᠤ ᠬᠥᠯᠥᠨ ᠪᠤᠶᠢᠷ ᠬᠤᠲᠠ ᠳᠤ 5 ︵ᠴᠥᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 224 ︵ᠬᠤᠩᠱᠠᠨ ᠲᠣᠭᠤᠷᠢᠭ ᠲᠤ 5᠂ ᠰᠦᠩᠱᠠᠨ ᠲᠣᠭᠤᠷᠢᠭ ᠲᠤ 104᠂ ᠣᠩᠨᠢᠭᠤᠳ ᠬᠤᠰᠢᠭᠤᠨ ᠳᠤ 110᠂ ᠠᠷᠤ ᠬᠤᠷᠴᠢᠨ ᠬᠤᠰᠢᠭᠤᠨ ᠳᠤ 5 ᠪᠣᠢ︶᠂ ᠰᠢᠯᠢ ᠶᠢᠨ ᠭᠤᠣᠯ ᠠᠶᠢᠮᠠᠭ ᠲᠤ 8 ︵ᠰᠢᠯᠢᠩᠬᠤᠲᠠ ᠳᠤ 7᠂ ᠡᠷᠢᠶᠡᠨ ᠬᠤᠲᠠ ᠳᠤ 1 ᠪᠣᠢ︶᠂ ᠠᠯᠠᠱᠠ ᠠᠶᠢᠮᠠᠭ ᠲᠤ 2 ︵ᠡᠵᠡᠨ᠎ᠡ ᠬᠤᠰᠢᠭᠤᠨ ᠳᠤ 1᠂ ᠴᠡᠭᠡ ᠪᠣᠭᠤᠮᠲᠠ ᠳᠤ 1 ᠪᠣᠢ︶ ᠪᠣᠢ᠂  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ277 ᠪᠣᠶ ᠂ ᠡᠭᠦᠨ ᠳᠤ ᠤᠯᠠᠭᠠᠨᠬᠠᠳᠠ ᠬᠤᠲᠠ ᠳᠤ 237 ︵ᠬᠤᠩᠱᠠᠨ ᠲᠣᠭᠤᠷᠢᠭ ᠲᠤ 8᠂ ᠰᠦᠩᠱᠠᠨ ᠲᠣᠭᠤᠷᠢᠭ ᠲᠤ 90᠂ ᠣᠩᠨᠢᠭᠤᠳ  ᠬᠤᠰᠢᠭᠤᠨ ᠳᠤ139 ᠪᠣᠢ︶᠂ ᠰᠢᠯᠢ ᠶᠢᠨ ᠭᠤᠣᠯ ᠠᠶᠢᠮᠠᠭ ᠲᠤ 10 ︵ᠰᠢᠯᠢᠩᠬᠤᠲᠠ ᠳᠤ 8᠂ ᠡᠷᠢᠶᠡᠨ ᠬᠤᠲᠠ ᠳᠤ 2 ᠪᠣᠢ︶᠂ ᠪᠠᠶᠠᠨᠨᠠᠭᠤᠷ ᠬᠤᠲᠠ ᠳᠤ 6 ︵ ᠴᠦᠮ ᠯᠢᠨ ᠾᠧ ᠲᠣᠭᠤᠷᠢᠭ ᠲᠤ ᠪᠣᠶ︶᠂ ᠠᠯᠠᠱᠠ ᠠᠶᠢᠮᠠᠭ ᠲᠤ 24 ︵ᠡᠵᠡᠨ᠎ᠡ  ᠬᠤᠰᠢᠭᠤᠨ ᠳᠤ 5᠂ ᠴᠡᠭᠡ ᠪᠣᠭᠤᠮᠲᠠ ᠳᠤ19 ᠪᠣᠢ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 8 ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6  ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ  ᠢ ᠴᠥᠮ  ᠲᠣᠭᠲᠠᠭᠰᠠᠨ ᠡᠮᠨᠡᠯᠭᠡ  ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ