ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠬᠦ ᠶᠢᠨ ᠲᠤᠰᠠᠳᠠ 120 ᠵᠠᠮ ᠤᠨ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2022/9/20
      ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠣᠯᠠᠨ ᠲᠦᠮᠡᠨ ᠤ ᠥᠪᠥᠷ ᠮᠣᠩᠭᠤᠯ ᠤᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠡᠮᠨᠡᠭᠦᠯᠬᠦ ᠳᠤ ᠲᠥᠬᠦᠮ ᠦᠵᠡᠭᠦᠯᠬᠦ ᠶᠢᠨ ᠲᠥᠯᠥᠭᠡ᠂ 120 ᠵᠠᠮ ᠤᠨ ᠨᠡᠶᠢᠲᠡ ᠶᠢᠨ ᠮᠠᠰᠢᠨ ᠲᠡᠷᠭᠡᠨ ᠤ ᠶᠠᠪᠤᠬᠤ ᠵᠠᠮ ᠱᠤᠭᠤᠮ ᠳᠤ ᠲᠣᠬᠢᠷᠠᠭᠤᠯᠤᠯᠲᠠ ᠬᠢᠪᠡ᠃      120 ᠵᠠᠮ ᠤᠨ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠤᠨ ᠡᠬᠢᠯᠡᠯᠲᠡ ᠶᠢᠨ ᠥᠷᠲᠡᠭᠡ ᠨᠢ ᠬᠥᠬᠡᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ᠂ ᠡᠴᠦᠰ ᠤᠨ ᠥᠷᠲᠡᠭᠡ ᠨᠢ ᠥᠪᠥᠷ ᠮᠣᠩᠭᠤᠯ ᠤᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ︵  ᠲᠣᠭᠤᠷᠢᠯᠲᠠ ᠶᠢᠨ ᠱᠤᠭᠤᠮ︶ ᠪᠣᠯᠣᠨ᠎ᠠ᠂ ᠵᠠᠮ ᠱᠤᠭᠤᠮ ᠢ ᠲᠣᠬᠢᠷᠠᠭᠤᠯᠤᠨ ᠰᠢᠯᠢᠳᠡᠭᠵᠢᠭᠦᠯᠦᠭᠰᠡᠨ ᠤ ᠳᠠᠷᠠᠭ᠎ᠠ ᠬᠤᠶᠢᠲᠤ ᠬᠤᠶᠠᠳᠤᠭᠠᠷ ᠲᠣᠭᠤᠷᠢᠯ ᠵᠠᠮ ᠤᠨ ᠲᠤᠰᠠᠯᠠᠬᠤ ᠵᠠᠮ᠂ ᠬᠢᠩᠭᠠᠨ ᠬᠤᠶᠢᠲᠤ ᠵᠠᠮ᠂ ᠴᠢᠩᠭᠢᠰ ᠬᠠᠭᠠᠨ ᠵᠡᠭᠦᠨ ᠵᠡᠭᠡᠯᠢ᠂ ᠸᠠᠨ ᠲᠦᠩ ᠵᠠᠮ᠂ ᠬᠤᠶᠢᠲᠤ ᠬᠤᠶᠠᠳᠤᠭᠠᠷ ᠲᠣᠭᠤᠷᠢᠯ ᠵᠠᠮ ᠤᠨ ᠲᠤᠰᠠᠯᠠᠬᠤ ᠵᠠᠮ᠂ ᠬᠠᠷᠠᠴᠢᠨ ᠵᠠᠮ᠂ ᠸᠠᠨ ᠲᠦᠩ ᠵᠠᠮ ᠢᠶᠠᠷ ᠳᠡᠮᠵᠢᠨ ᠪᠤᠴᠠᠵᠤ᠂ ᠪᠥᠬᠦ ᠠᠶᠠᠯᠠᠯ ᠤᠨ ᠵᠠᠮ ᠨᠢ 22.7 ᠺᠢᠯᠣᠮᠧᠲᠷ᠂ 8 ᠲᠡᠷᠭᠡ ᠲᠣᠬᠢᠷᠠᠭᠤᠯᠵᠤ᠂ ᠨᠡᠶᠢᠲᠡ 21 ᠥᠷᠲᠡᠭᠡ ᠭᠠᠷᠭᠠᠪᠠ᠃ ᠵᠠᠮ ᠱᠤᠭᠤᠮ ᠢ ᠰᠢᠯᠢᠳᠡᠭᠵᠢᠭᠦᠯᠦᠭᠰᠡᠨ ᠤ ᠳᠠᠷᠠᠭ᠎ᠠ᠂ ᠠᠶᠠᠨᠴᠢᠳ 25 ᠵᠣᠷᠪᠤᠰ ᠨᠡᠶᠢᠲᠡ ᠶᠢᠨ ᠮᠠᠰᠢᠨ ᠲᠡᠷᠭᠡᠨ ᠤ ᠱᠤᠭᠤᠮ ᠳᠤ ᠰᠣᠯᠢᠵᠤ ᠰᠠᠭᠤᠵᠤ ᠪᠣᠯᠤᠨ᠎ᠠ᠂ 5 ᠭᠠᠵᠠᠷ ᠳᠣᠣᠷᠠᠬᠢ ᠲᠡᠮᠦᠷ ᠵᠠᠮ ᠤᠨ ᠡᠭᠦᠳᠡ ᠲᠠᠢ ᠵᠠᠯᠭᠠᠵᠤ᠂ ᠥᠪᠥᠷ ᠮᠣᠩᠭᠤᠯ ᠤᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠤ ᠠᠵᠢᠯᠲᠠᠨ ᠠᠵᠢᠯᠴᠢᠨ ᠤ ᠠᠵᠢᠯ ᠳᠤ ᠭᠠᠷᠬᠤ ᠪᠠ ᠠᠵᠢᠯ ᠠᠴᠠ ᠪᠠᠭᠤᠬᠤ᠂ ᠡᠪᠡᠳᠴᠢᠲᠡᠨ ᠤ ᠡᠪᠡᠳᠴᠢᠨ ᠦᠵᠡᠭᠦᠯᠬᠦ ᠳᠤ  ᠶᠡᠬᠡᠬᠡᠨ ᠳᠦᠭᠦᠮ ᠦᠵᠡᠭᠦᠯᠦᠭᠰᠡᠨ ᠪᠠᠶᠢᠨ᠎ᠠ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ