ᠬᠤᠷᠢᠨᠭᠡᠷ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠠᠰᠤᠵᠢᠯ ᠤᠨ ᠮᠡᠬᠡᠯᠡᠯ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/21
      ᠮᠡᠬᠡᠯᠡᠯ ᠢ ᠰᠡᠷᠭᠡᠶᠢᠯᠡᠬᠦ ᠠᠮᠤᠷ ᠲᠦᠪᠰᠢᠨ ᠤ ᠲᠣᠣᠷ ᠢ ᠤᠯᠠᠮ ᠨᠢᠭᠡ ᠠᠯᠬᠤᠮ ᠨᠢᠭᠲᠠ ᠰᠦᠯᠵᠢᠵᠦ᠂ ᠨᠠᠰᠤᠲᠠᠶᠢᠴᠤᠳ ᠤᠨ ᠬᠠᠤᠯᠢᠵᠢᠯ ᠤᠨ ᠤᠬᠠᠮᠰᠠᠷ ᠪᠣᠯᠤᠨ ᠮᠡᠬᠡᠯᠡᠯ ᠢ ᠲᠠᠨᠢᠵᠤ ᠮᠡᠬᠡᠯᠡᠬᠦ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠠᠰᠤᠲᠠᠶᠢᠴᠤᠳ ᠢ ᠬᠠᠪᠰᠤᠷᠤᠨ ᠨᠠᠰᠤᠵᠢᠯ ᠤᠨ ᠠᠰᠠᠷᠠᠮᠵᠢ ᠶᠢᠨ ︽ᠵᠣᠭᠤᠰᠣᠨ ᠪᠣᠭᠴᠣ︾ ᠶᠢ ᠨᠢ ᠪᠥᠭᠯᠡᠬᠦ ᠶᠢᠨ ᠲᠤᠰᠠᠳᠠ᠂ 9 ᠰᠠᠷ᠎ᠠ ᠶᠢᠨ 19 ᠤ ᠡᠳᠦᠷ᠂ ᠬᠤᠷᠢᠨᠭᠡᠷ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠱᠧᠩ ᠯᠧ ᠲᠠᠯᠠᠪᠠᠶ ᠳᠤ ᠨᠠᠰᠤᠵᠢᠯ ᠤᠨ ᠮᠡᠬᠡᠯᠡᠯ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠵᠢᠯᠲᠠᠳ ᠨᠠᠰᠤᠵᠢᠯ ᠤᠨ ᠮᠡᠬᠡᠯᠡᠯ ᠤᠨ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ᠂ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠡᠬᠡᠯᠡᠭᠴᠢ ᠶᠢᠨ ᠬᠡᠷᠡᠭᠯᠡᠵᠦ ᠳᠠᠳᠤᠭᠰᠠᠨ ᠠᠷᠭ᠎ᠠ ᠪᠠᠷᠢᠯ ᠪᠠ ᠬᠡᠷᠡᠭ ᠬᠢᠬᠦ ᠠᠷᠭ᠎ᠠ ᠮᠠᠶ᠋ᠢᠭ ᠢ ᠨᠠᠰᠤᠲᠠᠶᠢᠴᠣᠳ ᠲᠤ ᠨᠠᠷᠢᠨ ᠲᠣᠳᠣᠷᠬᠠᠶ ᠲᠠᠶᠢᠯᠪᠤᠷᠢᠯᠠᠵᠤ ᠥᠭᠬᠦ ᠶᠢᠨ ᠬᠠᠮᠲᠤ ᠨᠠᠰᠤᠲᠠᠶᠢᠴᠤᠳ ᠲᠤ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ︾ ᠬᠠᠩᠭᠠᠬᠤ᠂ ︽ᠨᠠᠰᠤᠵᠢᠯ ᠤᠨ ᠠᠰᠠᠷᠠᠮᠵᠢ ᠶᠢᠨ ᠲᠦᠷᠥᠯ ᠵᠦᠢᠯ︾ ᠳᠤ ᠪᠠᠯᠠ ᠣᠷᠣᠭᠤᠯᠬᠤ᠂ ︽ᠨᠠᠰᠤᠵᠢᠯ ᠤᠨ ᠠᠰᠠᠷᠠᠮᠵᠢ ᠶᠢᠨ ᠦᠢᠯᠡᠳᠬᠦᠨ︾ ᠪᠣᠷᠣᠯᠠᠭᠤᠯᠬᠤ᠂ ︽ᠬᠡᠷ ᠪᠠᠶᠢᠰᠢᠩ ᠢᠶᠠᠷ ᠢᠶᠠᠨ ᠨᠠᠰᠤᠲᠠᠨ ᠢ ᠠᠰᠠᠷᠠᠬᠤ︾ ᠶᠢ ᠤᠬᠠᠭᠤᠯᠬᠤ᠂ ︽ᠨᠠᠰᠤᠲᠠᠨ ᠢᠶᠠᠷ ᠬᠠᠪᠰᠤᠷᠤᠨ ᠲᠡᠳᠬᠦᠬᠦ︾ ᠵᠡᠷᠭᠡ ᠨᠡᠷ᠎ᠡ ᠪᠠᠷ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠥᠷᠨᠢᠭᠦᠯᠬᠦ ᠶᠢ ᠰᠡᠷᠡᠮᠵᠢᠯᠡᠬᠦ ᠶᠢ ᠰᠠᠨᠠᠭᠤᠯᠵᠤ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠤᠬᠠᠭᠤᠯᠭ᠎ᠠ ᠬᠥᠮᠦᠵᠢᠯ ᠢ ᠪᠠᠷᠢᠮᠲᠠᠯᠠᠨ᠂ ︽ᠭᠤᠷᠪᠠᠨ ᠵᠠᠪᠠ ᠶᠢ ᠵᠡᠷᠭᠡᠪᠡᠷ ᠬᠠᠷᠪᠤᠬᠤ︾ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠴᠡᠭᠴᠡᠯᠡᠨ ᠵᠢᠷᠤᠮᠵᠢᠭᠤᠯᠵᠤ᠂ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠰᠤᠲᠠᠶᠢᠴᠤᠳ ᠤᠨ ᠮᠡᠬᠡᠯᠡᠬᠦ ᠶᠢ ᠲᠠᠨᠢᠵᠤ ᠮᠡᠬᠡᠯᠡᠬᠦ ᠶᠢ ᠰᠡᠷᠭᠡᠶᠢᠯᠡᠬᠦ ᠤᠬᠠᠮᠰᠠᠷ ᠢ ᠴᠢᠩᠭᠠᠷᠠᠭᠤᠯᠤᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ