ᠬᠤᠷᠢᠨᠭᠡᠷ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︽ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠳᠤ ᠰᠢᠨᠤᠬᠤ ᠶᠢ ᠰᠡᠷᠭᠡᠶᠢᠯᠡᠬᠦ︾ ᠤᠬᠠᠭᠤᠯᠭ᠎ᠠ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/21
      ᠰᠦᠯᠵᠢᠶᠡᠨ ᠤ ᠣᠷᠴᠢᠨ ᠨᠥᠬᠦᠴᠡᠯ ᠢ ᠴᠡᠪᠡᠷᠰᠢᠭᠦᠯᠵᠦ᠂ ᠰᠦᠯᠵᠢᠶᠡᠨ ᠳᠤ ᠪᠣᠯᠪᠠᠰᠤᠨ ᠢᠶᠠᠷ ᠭᠠᠷᠬᠤ ᠶᠢ ᠳᠡᠯᠭᠡᠷᠡᠭᠦᠯᠵᠦ᠂ ᠨᠠᠰᠤᠨ ᠳᠤ ᠦᠯᠤ ᠬᠥᠷᠦᠭᠰᠡᠳ ᠤᠨ ᠰᠦᠯᠵᠢᠶᠡᠨ ᠳᠤ ᠰᠢᠨᠤᠬᠤ ᠶᠢ ᠤᠷᠢᠳᠴᠢᠯᠠᠨ ᠰᠡᠷᠭᠡᠶᠢᠯᠡᠵᠦ᠂ ᠨᠠᠰᠤᠨ ᠳᠤ ᠦᠯᠤ ᠬᠥᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠤᠰᠠᠳᠠ᠂ 9 ᠰᠠᠷ᠎ᠠ ᠶᠢᠨ 19 ᠤ ᠡᠳᠦᠷ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠱᠧᠩ ᠯᠧ ᠠᠵᠤ ᠠᠬᠤᠶ ᠶᠢᠨ ᠬᠦᠷᠢᠶᠡᠯᠡᠩ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ᠂ ᠬᠤᠸᠠ ᠹᠧᠩ ᠰᠤᠷᠭᠠᠭᠤᠯᠢ ᠳᠤ ᠭᠦᠨᠵᠡᠭᠡᠶᠢᠷᠡᠨ ︽ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠳᠤ ᠰᠢᠨᠤᠬᠤ ᠶᠢ ᠰᠡᠷᠭᠡᠶᠢᠯᠡᠬᠦ︾ ᠤᠬᠠᠭᠤᠯᠭ᠎ᠠ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠲᠠᠶᠢᠯᠤᠮᠵᠢ ᠬᠢᠬᠦ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠷᠤᠭᠴᠢᠳ ᠲᠤ ᠰᠦᠯᠵᠢᠶ᠎ᠡ ᠶᠢ ᠬᠡᠷᠡᠭᠯᠡᠬᠦ ᠶᠢᠨ ᠠᠰᠢᠭ ᠪᠠ ᠬᠤᠤᠷ ᠬᠥᠨᠥᠭᠡᠯ ᠢ ᠤᠬᠠᠭᠤᠯᠬᠤ ᠶᠢᠨ ᠬᠠᠮᠲᠤ ᠰᠤᠷᠤᠭᠴᠢᠳ ᠲᠤ ᠰᠦᠯᠵᠢᠶᠡᠨ ᠤ ᠡᠷᠡᠭᠦᠯ ᠪᠤᠰᠤ ᠮᠡᠳᠡᠭᠡ ᠵᠠᠩᠭᠢ ᠪᠠ ᠬᠠᠤᠯᠢ ᠪᠤᠰᠤ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠬᠤ ᠬᠡᠷᠡᠭᠲᠡᠶ ᠭᠡᠵᠦ ᠰᠠᠨᠠᠭᠤᠯᠤᠭᠰᠠᠨ ᠪᠠᠶᠢᠨ᠎ᠠ᠃ ᠲᠣᠰ ᠤᠳᠠᠭᠠᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠭᠰᠡᠨ ᠨᠢ ᠰᠤᠷᠤᠭᠴᠢᠳ ᠤᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠦᠨᠡᠨ ᠬᠦ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠳᠤ ᠰᠢᠨᠤᠬᠤ ᠶᠢ ᠰᠡᠷᠭᠡᠶᠢᠯᠡᠬᠦ ᠠᠵᠢᠯ ᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠬᠤ᠂ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ᠂ ᠰᠦᠯᠵᠢᠶᠡᠨ ᠤ ᠡᠮᠬᠢ ᠵᠢᠷᠤᠮ ᠢ ᠵᠢᠷᠤᠮᠵᠢᠭᠤᠯᠬᠤ᠂ ᠰᠦᠯᠵᠢᠶᠡᠨ ᠤ ᠣᠷᠴᠢᠨ ᠨᠥᠬᠦᠴᠡᠯ ᠢ ᠴᠡᠪᠡᠷᠰᠢᠭᠦᠯᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠦᠯᠵᠢᠶᠡᠨ ᠳᠡᠭᠡᠷᠡᠬᠢ ᠰᠦᠯᠵᠢᠶᠡᠨ ᠤ ᠰᠣᠶᠣᠯ ᠤᠨ ᠵᠠᠬ᠎ᠠ ᠳᠡᠯᠭᠡᠭᠦᠷ ᠢ ᠲᠣᠭᠤᠷᠢᠨ ᠪᠠᠶᠢᠴᠠᠭᠠᠬᠤ ᠪᠠ ᠰᠦᠯᠵᠢᠶᠡᠨ ᠭᠠᠳᠠᠨᠠᠬᠢ ᠢᠨᠲ᠋ᠧᠷ ᠰᠦᠯᠵᠢᠶᠡᠨ ᠤ ᠰᠦᠯᠵᠢᠶᠡᠨ ᠳᠤ ᠭᠠᠷᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠢᠳᠡᠪᠬᠢᠲᠡᠶ ᠥᠷᠨᠢᠭᠦᠯᠵᠦ᠂ ᠰᠦᠯᠵᠢᠶᠡᠨ ᠤ ᠪᠣᠯᠪᠠᠰᠤᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠡᠷᠴᠢᠮ ᠢᠶᠠᠨ ᠴᠢᠩᠭᠠᠷᠠᠭᠤᠯᠵᠤ ᠂ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠪᠠᠷ ᠰᠦᠯᠵᠢᠶᠡᠨ ᠳᠤ ᠭᠠᠷᠬᠤ᠂ ᠪᠣᠯᠪᠠᠰᠤᠨ ᠢᠶᠠᠷ ᠰᠦᠯᠵᠢᠶᠡᠨ ᠳᠤ ᠭᠠᠷᠬᠤ ᠶᠢ ᠵᠥᠪ ᠢᠶᠠᠷ ᠬᠦᠲᠦᠯᠵᠦ᠂ ᠵᠠᠯᠠᠭᠤᠴᠣᠳ ᠪᠠᠭᠠᠴᠤᠳ ᠤᠨ ᠰᠦᠯᠵᠢᠶ᠎ᠡ ᠳᠤ ᠰᠢᠨᠤᠬᠤ ᠶᠢ ᠰᠡᠷᠭᠡᠶᠢᠯᠡᠵᠦ᠂ ᠰᠦᠯᠵᠢᠶᠡᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠲᠤᠵᠢᠭᠤᠯᠤᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ