9 ᠰᠠᠷ᠎ᠠ ᠶᠢᠨ 19 ᠤ ᠡᠳᠦᠷ᠂ ᠬᠤᠷᠢᠨᠭᠡᠷ ᠰᠢᠶᠠᠨ ᠤ 2022 ᠣᠨ ᠤ ᠢᠳᠡᠷ ᠵᠠᠯᠠᠭᠤ ᠺᠠᠳ᠋ᠷ ᠵᠢᠴᠢ ᠰᠣᠩᠭᠤᠨ ᠰᠢᠯᠵᠢᠭᠦᠯᠬᠦ ᠰᠤᠷᠤᠭᠴᠢ ᠶᠢᠨ | ᠪᠣᠯᠪᠠᠰᠤᠷᠠᠭᠤᠯᠤᠯ ᠤᠨ ᠠᠩᠭᠢ ᠵᠢᠩᠬᠢᠨᠢ ᠪᠠᠷ ᠡᠬᠢᠯᠡᠵᠦ᠂ ᠡᠭᠦᠨ ᠤ ᠵᠣᠷᠢᠯᠭ᠎ᠠ ᠨᠢ ᠲᠥᠪᠯᠡᠷᠡᠭᠦᠯᠦᠨ ᠪᠣᠯᠪᠠᠰᠤᠷᠠᠭᠤᠯᠬᠤ ᠪᠠ ᠰᠤᠷᠤᠯᠴᠠᠵᠤ ᠰᠣᠯᠢᠯᠴᠠᠬᠤ ᠪᠠᠷ | ᠳᠠᠮᠵᠢᠭᠤᠯᠤᠨ᠂ ᠪᠥᠬᠦ ᠰᠢᠶᠠᠨ ᠤ ᠢᠳᠡᠷ ᠵᠠᠯᠠᠭᠤ ᠺᠠᠳ᠋ᠷ ᠪᠠ ᠰᠣᠩᠭᠤᠨ ᠰᠢᠯᠵᠢᠭᠦᠯᠬᠦ ᠰᠣᠷᠣᠭᠴᠢ ᠶᠢᠨ ᠠᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠨ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ | ᠠᠯᠬᠤᠮ ᠨᠠᠷᠢᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠦᠨᠡᠨ ᠬᠦ ᠪᠠᠬᠢᠵᠢᠭᠦᠯᠦᠨ | ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠳᠤ ᠬᠦᠴᠦᠷᠬᠡᠭ ᠶᠡᠭᠡ ᠳᠣᠲᠣᠭᠠᠳᠤ ᠶᠢᠨ | ᠬᠥᠳᠡᠯᠭᠡᠬᠦ ᠬᠦᠴᠦᠨ ᠪᠠ ᠪᠠᠲᠤ ᠴᠢᠩᠭ᠎ᠠ ᠰᠠᠭᠤᠷᠢ ᠪᠠᠲᠤᠯᠠᠭ᠎ᠠ ᠶᠢ ᠬᠠᠩᠭᠠᠬᠤ ᠶᠢᠨ ᠲᠥᠯᠥᠭᠡ ᠶᠤᠮ᠃ | ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ ᠨᠢᠭᠡ ᠰᠠᠷ᠎ᠠ ᠪᠣᠯᠤᠨ᠎ᠠ᠂ ᠪᠥᠬᠦ ᠰᠢᠶᠠᠨ ᠤ ᠰᠣᠩᠭᠤᠨ ᠰᠢᠯᠵᠢᠭᠦᠯᠦᠭᠰᠡᠨ ᠰᠣᠷᠣᠭᠴᠢ ᠪᠠ | ᠢᠳᠡᠷ ᠵᠠᠯᠠᠭᠤ ᠺᠠᠳ᠋ᠷ ᠨᠡᠶᠢᠲᠡ 100 ᠬᠥᠮᠦᠨ ᠣᠷᠣᠯᠴᠠᠵᠠᠶ᠃ ᠪᠣᠯᠪᠠᠰᠤᠷᠠᠭᠤᠯᠤᠯ ᠳᠤ ᠣᠨᠣᠯ ᠢ ᠪᠣᠳᠠᠲᠠᠶ ᠲᠠᠢ ᠤᠶᠠᠯᠳᠤᠭᠤᠯᠬᠤ ᠴᠢᠭᠯᠡᠯᠲᠡ ᠶᠢ ᠪᠠᠷᠢᠮᠲᠠᠯᠠᠵᠤ᠂ | ᠰᠤᠷᠴᠤ ᠬᠡᠷᠡᠭᠯᠡᠬᠦ ᠶᠢ ᠤᠶᠠᠯᠳᠤᠭᠤᠯᠬᠤ᠂ ᠬᠡᠷᠡᠭᠴᠡᠭᠡ ᠶᠣᠰᠣᠭᠠᠷ ᠵᠢᠭᠠᠨ ᠰᠤᠷᠭᠠᠬᠤ ᠵᠠᠷᠴᠢᠮ ᠢ ᠲᠤᠭᠤᠰᠢᠯᠠᠭᠤᠯᠵᠤ᠂ ︽ᠲᠤᠰᠬᠠᠶ ᠰᠡᠳᠦᠪᠲᠦ ᠲᠠᠶᠢᠯᠤᠮᠵᠢ + | ᠬᠠᠷᠢᠯᠴᠠᠨ ᠶᠠᠷᠢᠯᠴᠠᠬᠤ + ᠬᠠᠮᠲᠤ ᠪᠠᠷ ᠡᠳ᠋ᠯᠡᠬᠦ ᠰᠣᠯᠢᠯᠴᠠᠭ᠎ᠠ︾ ᠶᠢᠨ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠢᠰᠲ᠋ᠧᠮ ᠲᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠵᠡᠷᠭᠡ ᠪᠠᠷ ᠭᠤᠣᠯ ᠠᠭᠤᠯᠭ᠎ᠠ ᠪᠣᠯᠭᠠᠭᠰᠠᠨ ᠤᠯᠤᠰ ᠲᠦᠷᠦ ᠶᠢᠨ ᠤᠨᠤᠯ ᠪᠣᠯᠤᠨ | ᠦᠨᠳᠦᠰᠦᠲᠡᠨ ᠤ ᠰᠤᠷᠭᠠᠨ ᠬᠥᠮᠦᠵᠢᠯ ᠢ ᠰᠢᠰᠲ᠋ᠧᠮ ᠲᠠᠢ ᠰᠤᠷᠤᠯᠴᠠᠨ ᠲᠤᠭᠤᠰᠢᠯᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠤᠯᠤᠰ | ᠲᠦᠷᠦ ᠤᠨᠤᠯ ᠤᠨ ᠪᠣᠯᠪᠠᠰᠤᠷᠠᠯ ᠪᠠ ᠰᠢᠨ᠎ᠡ ᠪᠠᠶᠢᠳᠠᠯ ᠤᠨ ᠳᠣᠣᠷᠠᠬᠢ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠶ᠃ | ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ᠂ ᠬᠢᠵᠠᠭᠠᠷ ᠲᠠᠢ ᠬᠤᠭᠤᠴᠠᠭᠠᠨ ᠳᠣᠲᠣᠷ᠎ᠠ ᠨᠢᠭᠡ ᠰᠡᠳᠬᠢᠯ ᠢᠶᠠᠷ ᠰᠤᠷᠤᠯᠴᠠᠨ ᠰᠤᠳᠤᠯᠤᠨ | ᠶᠠᠷᠢᠯᠴᠠᠵᠤ᠂ ᠰᠢᠷᠭᠠᠭᠤ ᠰᠤᠷᠤᠯᠴᠠᠨ ᠰᠢᠷᠭᠠᠭᠤ ᠪᠣᠳᠣᠯᠬᠢᠯᠠᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠲᠣᠰᠬᠤᠨ ᠳᠤ ᠰᠠᠭᠤᠭ᠎ᠠ ᠠᠵᠢᠯ ᠤᠨ ᠪᠣᠳᠠᠲᠤ | ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠬᠤᠷᠢᠨᠭᠡᠷ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ | ᠨᠡᠮᠡᠷᠢ ᠦᠵᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ ᠭᠡᠵᠦ ᠢᠯᠡᠳᠬᠡᠵᠡᠭᠡᠪᠡ᠃ | ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠤᠯᠪᠣᠭᠳᠠᠯ | ᠪᠦᠬᠦᠢ ᠬᠠᠷᠢᠭᠤᠴᠠᠯᠭᠠᠲᠠᠨ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃ |