︽ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠵᠢᠴᠢ ︽ᠶᠢᠰᠦᠨ ᠰᠠᠷ᠎ᠠ ᠶᠢᠨ ᠠᠷᠪᠠᠨ ᠨᠠᠢᠮᠠᠨ ᠤ ᠬᠡᠷᠡᠭ ᠬᠤᠪᠢᠰᠤᠯ︾ ᠤᠨ 91 ᠵᠢᠯ ᠤᠨ ᠤᠢ ᠶᠢ  ᠲᠡᠮᠳᠡᠭᠯᠡᠬᠦ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠠᠩᠬᠠᠨ ᠤ ᠲᠠᠯᠠᠪᠠᠢ ᠮᠡᠳᠡᠭᠦᠯᠦᠯᠲᠡ ᠶᠢᠨ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2022/9/21
      ︵ᠰᠤᠷᠪᠤᠯᠵᠢᠯᠠᠭᠴᠢ ᠯᠢᠦᠢ ᠬᠤᠢ ᠱᠧᠩ︶ 9 ᠳ᠋ᠤᠭᠡᠷ ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠳᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠮᠲᠤᠷᠠᠨ ᠡᠷᠬᠢᠯᠡᠭᠰᠡᠨ ︽ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠵᠢᠴᠢ ︽ᠶᠢᠰᠦᠨ ᠰᠠᠷ᠎ᠠ ᠶᠢᠨ ᠠᠷᠪᠠᠨ ᠨᠠᠢᠮᠠᠨ ᠤ ᠬᠡᠷᠡᠭ ᠬᠤᠪᠢᠰᠤᠯ︾ ᠤᠨ 91 ᠵᠢᠯ ᠤᠨ ᠤᠢ ᠶᠢ ᠲᠡᠮᠳᠡᠭᠯᠡᠬᠦ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠠᠩᠬᠠᠨ ᠤ ᠲᠠᠯᠠᠪᠠᠢ ᠮᠡᠳᠡᠭᠦᠯᠦᠯᠲᠡ ᠶᠢᠨ ᠬᠤᠷᠠᠯ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠪᠠ᠃ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠲᠤᠰᠬᠠᠢ ᠲᠤᠰᠢᠶᠠᠯᠲᠤ ᠺᠠᠳ᠋ᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠪᠠ ᠺᠠᠳ᠋ᠷ ᠠᠵᠢᠯᠲᠠᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃      ᠮᠡᠳᠡᠭᠦᠯᠦᠯᠲᠡ ᠶᠢᠨ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ ᠬᠥᠰᠢᠭᠡ ᠪᠠᠨ ᠰᠡᠬᠦᠵᠦ᠂ ᠥᠪᠡᠷᠲᠡᠭᠡᠨ ᠵᠠᠰᠠᠬᠤ ᠣᠷᠣᠨ ᠤ ︽ᠠᠬᠠᠮᠠᠳ ᠴᠡᠷᠢᠭ ᠡᠭᠦᠷᠢᠳᠡ ᠨᠠᠮ ᠢᠶᠠᠨ ᠳᠠᠭᠠᠨ᠎ᠠ ︱ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠤᠨ ᠳᠡᠳ᠋ ᠳᠠᠷᠤᠭ᠎ᠠ ᠶᠦᠨ ᠭᠦᠸᠧ ᠬᠤᠸᠠ᠂ ᠥᠪᠡᠷᠲᠡᠭᠡᠨ ᠵᠠᠰᠠᠬᠤ ᠣᠷᠣᠨ ᠤ ︽ᠠᠬᠠᠮᠠᠳ ᠴᠡᠷᠢᠭ ᠡᠭᠦᠷᠢᠳᠡ ᠨᠠᠮ ᠢᠶᠠᠨ ᠳᠠᠭᠠᠨ᠎ᠠ ︱ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠤᠨ ᠭᠡᠰᠢᠭᠦᠨ᠂ ᠤᠤᠯ ᠤᠨ ᠪᠡᠭᠡᠵᠢᠩ ᠤᠨ ᠴᠡᠷᠢᠭ ᠤᠨ ᠲᠣᠭᠤᠷᠢᠭ ᠤᠨ ᠠᠵᠢᠯ ᠠᠴᠠ ᠪᠠᠨ ᠠᠮᠠᠷᠠᠭᠰᠠᠨ ᠴᠡᠷᠢᠭ ᠲᠢᠶᠠᠨ ᠬᠤᠸᠠ ᠴᠢᠤᠸᠠᠨ᠂ 2020 ᠣᠨ ᠤ ︽ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠭᠤᠶᠤ ᠴᠡᠷᠢᠭ ᠠᠴᠠ ᠬᠠᠯᠠᠭᠳᠠᠭᠴᠢ︾ ᠮᠠ ᠪᠢᠨ᠂ ᠥᠪᠡᠷᠲᠡᠭᠡᠨ ᠵᠠᠰᠠᠬᠤ ᠣᠷᠣᠨ ᠤ ᠴᠡᠷᠢᠭ ᠠᠩᠭᠢ ᠶᠢᠨ ᠠᠵᠢᠯ ᠠᠴᠠ ᠪᠠᠨ ᠲᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠦᠢᠯᠡᠴᠢᠯᠡᠭᠡᠨ ᠤ ᠲᠥᠪ ᠤᠨ ᠠᠵᠢᠯ ᠠᠴᠠ ᠪᠠᠨ ᠠᠮᠠᠷᠠᠭᠰᠠᠨ ᠺᠠᠳ᠋ᠷ ᠬᠤᠸᠠᠩ ᠭᠦᠸᠧ ᠼᠠᠢ ᠦᠢᠯᠡ ᠶᠠᠪᠤᠳᠠᠯ ᠤᠨ ᠮᠡᠳᠡᠭᠦᠯᠦᠯᠲᠡ ᠬᠢᠵᠡᠢ᠃ ᠲᠠᠳᠠ ᠥᠪᠡᠷ ᠤᠨ ᠥᠩᠭᠡᠷᠡᠯᠲᠡ ᠲᠠᠢ ᠪᠠᠨ ᠤᠶᠠᠯᠳᠤᠭᠤᠯᠤᠨ᠂ ᠠᠳᠠᠯᠢ ᠪᠤᠰᠤ ᠬᠦᠷᠢᠶᠡᠨ ᠤ ᠠᠳᠠᠯᠢ ᠪᠤᠰᠤ ᠠᠵᠢᠯ ᠤᠨ ᠪᠠᠶᠢᠷᠢᠨ ᠳᠠᠬᠢ  ︽ᠬᠠᠮᠤᠭ ᠤᠨ ᠭᠤᠶᠣ︾ ᠥᠯᠢᠭᠡᠷ  ᠢ ᠲᠣᠰ ᠲᠣᠰ ᠶᠠᠷᠢᠭᠰᠠᠨ ᠪᠠᠶᠢᠨ᠎ᠠ᠃ ᠲᠡᠳᠡᠨ ᠤ ᠵᠠᠷᠢᠮ ᠨᠢ ᠠᠮᠢᠳᠤ ᠴᠣᠪᠣᠭᠤᠯᠢᠭ ᠵᠢᠱᠢᠶ᠎ᠡ ᠪᠠᠷ ᠦᠷᠡᠭᠳᠡᠭᠰᠡᠨ ᠪᠠᠭᠠᠲᠤᠷ ᠳ᠋ᠦᠸᠧ ᠰᠦᠩ ᠨᠢᠶᠠᠨ ᠤ ᠬᠤᠪᠢᠰᠬᠠᠯᠲᠤ ᠵᠣᠷᠢᠭ ᠰᠠᠨᠠᠭ᠎ᠠ ᠶᠢ  ᠶᠠᠷᠢᠪᠠ︔ ᠵᠠᠷᠢᠮ ᠨᠢ ᠴᠡᠷᠢᠭ ᠠᠴᠠ ᠪᠠᠨ ᠬᠠᠯᠠᠭᠳᠠᠭᠰᠠᠨ ᠤ ᠳᠠᠷᠠᠭ᠎ᠠ ᠠᠵᠤ ᠠᠬᠤᠶᠢᠯᠠᠯ ᠢ ᠳᠠᠭᠠᠭᠤᠯᠤᠨ ᠪᠡᠶ᠎ᠡ ᠪᠠᠨ ᠳᠠᠭᠠᠭᠠᠨ ᠰᠢᠨ᠎ᠡ ᠶᠢ ᠡᠭᠦᠳᠴᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠥᠷᠨᠢᠭᠦᠯᠪᠡ︔ ᠵᠠᠷᠢᠮ ᠨᠢ ᠴᠡᠷᠢᠭ ᠤᠨ ᠠᠯᠪᠠ ᠠᠴᠠ ᠪᠠᠨ ᠬᠠᠯᠠᠭᠳᠠᠭᠰᠠᠨ ᠤ ᠳᠠᠷᠠᠭ᠎ᠠ ᠦᠨᠳᠦᠰᠦᠨ ᠱᠠᠲᠤᠨ ᠳᠤ ᠦᠨᠳᠦᠰᠦᠯᠡᠨ ᠠᠵᠢᠯ ᠬᠢᠵᠦ ᠦᠢᠯᠡᠰ ᠪᠦᠳᠦᠭᠡᠨ᠂ ᠣᠯᠠᠨ ᠲᠦᠮᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠪᠠ᠃ ᠲᠡᠳᠡ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂  ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠤᠯᠠᠨ ᠴᠡᠷᠢᠭ ᠠᠴᠠ ᠬᠠᠯᠠᠭᠳᠠᠭᠰᠠᠳ ᠤᠨ ᠴᠡᠷᠢᠭ ᠠᠩᠭᠢ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠤᠯᠤᠰ ᠣᠷᠣᠨ ᠠᠷᠠᠳ ᠲᠦᠮᠡᠨ ᠳᠤ ᠦᠢᠯᠡᠴᠢᠯᠡᠵᠦ᠂ ᠴᠡᠷᠢᠭ ᠤᠨ  ᠨᠣᠭᠤᠭᠠᠨ ᠬᠤᠪᠴᠠᠰᠤ ᠪᠠᠨ ᠲᠠᠶᠢᠯᠤᠭᠰᠠᠨ ᠴᠤ ᠴᠡᠷᠢᠭ ᠬᠥᠮᠥᠨ ᠤ  ᠤᠤᠷ ᠴᠢᠨᠠᠷ ᠢᠶᠠᠨ ᠬᠠᠳᠠᠭᠠᠯᠠᠬᠤ ᠦᠨᠡᠨᠴᠢ ᠰᠢᠳᠤᠷᠭᠤ ᠥᠭᠭᠢᠶᠡᠮᠦᠷ ᠬᠠᠶᠢᠷ᠎ᠠ ᠶᠢ ᠲᠠᠶᠢᠯᠪᠤᠷᠢᠯᠠᠭᠰᠠᠨ ᠪᠠᠶᠢᠨ᠎ᠠ᠃      ᠲᠤᠬᠠᠢ ᠶᠢᠨ ᠲᠠᠯᠠᠪᠠᠢ ᠳᠤ ᠪᠠᠶᠢᠭᠰᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠮᠡᠳᠡᠭᠦᠯᠦᠯᠲᠡ ᠶᠢ ᠰᠣᠨᠣᠰᠤᠭᠠᠳ ᠶᠡᠬᠡᠳᠡ ᠰᠡᠳᠬᠢᠯ ᠳᠣᠭᠲᠤᠯᠵᠤ᠂ ᠣᠯᠠᠨ ᠢᠶᠠᠷ ᠢᠶᠠᠨ ᠬᠤᠶᠢᠰᠢᠳᠠ ᠶᠢᠨ ᠠᠵᠢᠯ ᠳᠤᠮᠳᠠ ᠪᠠᠨ ᠰᠢᠯᠢᠳᠡᠭ ᠴᠡᠷᠢᠭ ᠠᠴᠠ ᠬᠠᠯᠠᠭᠳᠠᠭᠰᠠᠳ ᠠᠴᠠ ᠰᠤᠷᠤᠯᠴᠠᠵᠤ᠂ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠢᠶᠠᠨ ᠪᠠᠲᠤᠳᠬᠠᠵᠤ᠂ ᠰᠤᠷᠲᠠᠯ ᠰᠠᠬᠢᠯᠭ᠎ᠠ ᠪᠠᠲᠤ ᠶᠢ ᠴᠢᠩᠭᠠᠳᠬᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠬᠥᠭᠵᠢᠭᠡᠵᠦ᠂ ᠣᠷᠣᠨ ᠤ ᠲᠥᠪ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠵᠡᠭᠡᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ