ᠾᠧ ᠬᠠᠢ ᠳ᠋ᠦᠩ ᠲᠦᠩ ᠹᠠᠩ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠵᠠᠬᠢᠷᠤᠯ ᠬᠤ᠋ ᠵᠢᠶᠦ᠋ᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/9/21
      ︵ᠰᠤᠷᠪᠤᠯᠵᠢᠯᠠᠭᠴᠢ ᠯᠢᠶᠠᠩ ᠵᠢᠩ ᠱᠦ︶ 9 ᠳ᠋ᠤᠭᠡᠷ ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠲᠦᠩ ᠹᠠᠩ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠵᠠᠬᠢᠷᠤᠯ ᠬᠤ᠋ ᠵᠢᠶᠦ᠋ᠨ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠮᠢᠶ᠎ᠠ ᠪᠦᠬᠦᠢ ᠤᠴᠢᠷ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃      ᠾᠧ ᠬᠠᠢ ᠳ᠋ᠦᠩ ᠬᠤ᠋ ᠵᠢᠶᠦ᠋ᠨ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠲᠦᠩ ᠹᠠᠩ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠤᠷᠳᠤ ᠬᠤᠭᠤᠴᠠᠭᠠᠨ ᠤ ᠲᠤᠷᠰᠢ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠲᠦᠩ ᠹᠠᠩ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠣᠷᠳᠣ ᠬᠤᠭᠤᠴᠠᠭᠠᠨ ᠤ ᠲᠤᠷᠰᠢ ᠬᠦᠬᠡᠬᠤᠲᠠ ᠳᠤ ᠠᠵᠢᠯ ᠦᠢᠯᠡᠰ ᠢᠶᠠᠨ ᠬᠦᠨᠵᠡᠭᠡᠢ ᠬᠦᠭᠵᠢᠬᠦᠯᠵᠦ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠠᠭᠤᠷᠢ ᠰᠠᠶᠢᠨ ᠶᠤᠮ᠃ ᠣᠳᠣᠬᠠᠨ ᠳᠤ᠂ ᠬᠥᠬᠡᠬᠤᠲᠠ ᠶᠠᠭ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠭᠡᠮᠨᠡᠷᠡᠯ ᠢ ᠲᠦᠷᠭᠡᠳᠬᠡᠨ ᠬᠥᠭᠵᠢᠭᠦᠯᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠭᠦᠢᠴᠡᠳ ᠵᠣᠯᠭᠠᠭᠤᠯᠵᠤ᠂ ᠬᠠᠮᠲᠤᠷᠠᠯᠴᠠᠭᠠᠨ ᠤ ᠭᠠᠷᠳᠠᠴᠠ ᠶᠢ ᠣᠨᠣᠪᠴᠢᠲᠠᠢ ᠣᠯᠵᠤ᠂ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠡᠭᠦᠳᠬᠦ ᠶᠢ ᠬᠦᠰᠡᠵᠦ ᠪᠠᠶᠢᠨ᠎ᠠ᠃ ᠬᠥᠬᠡᠬᠤᠲᠠ ᠠᠵᠤ ᠠᠬᠤᠶᠢᠯᠠᠯ ᠤᠨ ᠣᠷᠣᠨ ᠤ ᠲᠥᠪ ᠲᠤ ᠪᠡᠯᠡ ᠣᠷᠣᠭᠤᠯᠤᠨ ᠦᠢᠯᠡᠰ  ᠢᠶᠠᠨ ᠬᠦᠭᠵᠢᠬᠦᠯᠬᠦ ᠳᠤ ᠬᠠᠤᠯᠢᠵᠢᠭᠰᠠᠨ᠂ ᠨᠠᠷᠢᠯᠢᠭᠵᠢᠭᠰᠠᠨ᠂ ᠲᠤᠰᠬᠠᠢ ᠮᠡᠷᠭᠡᠵᠢᠯ ᠤᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠤ᠂ ᠡᠯ᠎ᠡ ᠲᠠᠯ᠎ᠠ ᠶᠢᠨ ᠬᠢᠨ ᠤ ᠬᠠᠮᠲᠤᠪᠠᠷ ᠠᠰᠢᠭ ᠬᠦᠷᠲᠡᠨ ᠬᠦᠭᠵᠢᠬᠦ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠡᠢ᠃      ᠬᠤ᠋ ᠵᠢᠶᠦ᠋ᠨ ᠠᠵᠤ ᠠᠬᠤᠶᠢᠯᠠᠯ ᠤᠨ ᠢᠶᠠᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠵᠠᠢ᠃ ᠲᠡᠷᠡ ᠬᠡᠯᠡᠬᠦ ᠳᠡᠭᠡᠨ᠂ ᠬᠥᠬᠡᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠰᠠᠶᠢᠨ᠂ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠃ ᠮᠠᠨ ᠤ ᠺᠣᠮᠫᠠᠨᠢ ᠬᠦᠬᠡᠬᠤᠲᠠ ᠶᠢᠨ ᠬᠥᠭᠵᠢᠯᠲᠡ ᠶᠢᠨ ᠠᠵᠠ ᠲᠣᠬᠢᠶᠠᠯ ᠲᠠᠢ  ᠣᠨᠤᠪᠴᠢᠲᠠᠢ ᠵᠣᠯᠭᠠᠭᠤᠯᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃      ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ