ᠾᠧ ᠬᠠᠢ ᠳ᠋ᠦᠩ ᠪᠡᠭᠡᠵᠢᠩ ᠳᠠᠬᠢ ᠬᠠᠷᠠᠮᠥ᠋ᠷᠡᠨ ᠤ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠳ᠋ᠠᠢ ᠳ᠋ᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/9/21
      ︵ᠰᠤᠷᠪᠤᠯᠵᠢᠯᠠᠭᠴᠢ ᠯᠢᠦ ᠬᠤᠢ ᠬᠤᠢ︶ 9 ᠳ᠋ᠤᠭᠡᠷ ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠠᠶᠢᠩᠭᠤ ᠶᠢᠨ ᠭᠡᠰᠢᠭᠦᠨ᠂ ᠪᠡᠭᠡᠵᠢᠩ ᠳᠠᠬᠢ ᠬᠠᠷᠠᠮᠥ᠋ᠷᠡᠨ ᠤ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ᠂ ᠵᠦᠩ ᠹᠠ ᠠᠵᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠵᠠᠬᠢᠷᠤᠯ ᠳ᠋ᠠᠢ ᠳ᠋ᠢ ᠨᠠᠷ ᠲᠠᠢ ᠠᠭᠤᠯᠵᠠᠪᠠ᠃      ᠾᠧ ᠬᠠᠢ ᠳ᠋ᠦᠩ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠳ᠋ᠠᠢ ᠳ᠋ᠢ ᠵᠡᠷᠭᠡ ᠪᠡᠭᠡᠵᠢᠩ ᠳᠠᠬᠢ ᠬᠠᠷᠠᠮᠥ᠋ᠷᠡᠨ ᠤ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠤᠨ 20 ᠠᠵᠤ ᠠᠬᠤᠶᠢᠯᠠᠯ ᠤᠨ ᠲᠥᠯᠥᠭᠡᠯᠡᠭᠴᠢ ᠬᠥᠬᠡᠬᠤᠲᠠ ᠳᠤ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠬᠥᠬᠡᠬᠤᠲᠠ ᠶᠠᠭ ᠶᠡᠷᠦᠩᠬᠡᠢ ᠱᠦᠵᠢ ᠰᠢ ᠶᠢᠨ ᠫᠢᠩ ᠪᠠ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ   ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳᠠᠪᠡᠷ ᠪᠣᠳᠤᠯᠬᠢᠯᠠᠭᠰᠠᠨ ᠪᠣᠬᠢᠷᠳᠣᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠭᠤᠷᠪᠠᠨ ᠬᠤᠲᠠ︾ ᠶᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ︽ᠳᠥᠷᠪᠡᠨ ᠣᠷᠣᠨ ᠪᠦᠰᠡ ᠶᠢᠨ ᠲᠥᠪ︾ ᠢ ᠴᠣᠭᠴᠠᠯᠠᠨ ᠪᠠᠶᠢᠭᠤᠯᠵᠤ᠂ ︽ᠳᠥᠷᠪᠡᠨ ᠶᠡᠭᠡ ᠠᠵᠤ ᠠᠬᠤᠢ ᠶᠢᠨ  ᠴᠠᠭᠠᠷᠢᠭ︾ ᠲᠤ ᠠᠭᠤᠰᠤᠯᠴᠠᠬᠤ ᠶᠢ ᠲᠦᠯᠬᠢᠨ ᠠᠬᠢᠭᠤᠯᠵᠤ᠂ ︽ᠲᠠᠪᠤᠨ ᠲᠣᠬᠢᠷᠠᠮᠵᠢᠲᠠᠢ ᠬᠤᠲᠠ︾ ᠶᠢ ᠪᠦᠲᠦᠭᠡᠨ ᠪᠠᠶᠢᠭᠤᠯᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠢ ᠪᠣᠶᠢᠵᠢᠭᠤᠯᠤᠨ᠂ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ᠂ ᠰᠡᠯᠭᠦᠬᠦ ᠬᠦᠴᠦᠨ ᠢᠶᠠᠷ ᠲᠡᠭᠦᠯᠳᠡᠷ ᠪᠠᠶᠢᠨ᠎ᠠ᠃ ᠠᠵᠤ ᠠᠬᠤᠶᠢᠯᠠᠯ ᠤᠳ ᠬᠥᠬᠡᠬᠤᠲᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠲᠣᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠬᠥᠬᠡᠬᠤᠲᠠ ᠶᠢ ᠠᠵᠤ ᠠᠬᠤᠶᠢᠯᠠᠯ ᠤᠨ ᠬᠥᠭᠵᠢᠯᠲᠡ ᠶᠢᠨ ᠬᠠᠯᠠᠭᠤᠨ ᠬᠥᠷᠥᠰᠥ ᠪᠣᠯᠭᠠᠵᠤ᠂ ᠬᠥᠬᠡᠬᠤᠲᠠ ᠲᠠᠢ ᠬᠠᠮᠲᠤᠷᠠᠯᠴᠠᠬᠤ ᠨᠠᠩ ᠣᠯᠠᠨ ᠭᠠᠷᠳᠠᠬᠤ ᠴᠡᠭ᠂ ᠨᠡᠶᠢᠯᠡᠯ ᠴᠡᠭ ᠢ ᠡᠷᠢᠵᠦ᠂ ᠨᠠᠩ ᠣᠯᠠᠨ ᠲᠥᠷᠥᠯ ᠵᠦᠢᠯ ᠢ ᠬᠥᠬᠡᠬᠤᠲᠠ  ᠳᠤ ᠪᠠᠶᠢᠷᠢᠯᠠᠭᠤᠯᠬᠤ ᠶᠢ ᠬᠦᠰᠡᠵᠦ ᠪᠠᠶᠢᠨ᠎ᠠ᠃ ᠬᠥᠬᠡᠬᠤᠲᠠ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢᠶᠠᠷ ᠠᠵᠤ ᠠᠬᠤᠶᠢᠯᠠᠯ ᠤᠨ ᠬᠥᠬᠡᠬᠤᠲᠠ ᠳᠠᠬᠢ ᠬᠥᠭᠵᠢᠯᠲᠡ ᠳᠤ ᠨᠡᠩ ᠰᠢᠯᠢᠳᠡᠭ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠠᠵᠤ ᠠᠬᠤᠶᠢᠯᠠᠯ ᠤᠨ ᠲᠠᠭᠠᠯᠠᠮᠵᠢᠲᠠᠢ ᠪᠡᠯᠡ  ᠪᠡᠯᠡ ᠣᠷᠤᠭᠤᠯᠵᠤ᠂  ᠰᠠᠨᠠᠭ᠎ᠠ ᠠᠮᠤᠷ ᠬᠦᠭᠵᠢᠵᠦ᠂ ᠠᠵᠤ ᠠᠬᠤᠶᠢᠯᠠᠯ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠡᠢ᠃      ᠳ᠋ᠠᠢ ᠳ᠋ᠢ ᠬᠡᠯᠡᠬᠦ ᠳᠡᠭᠡᠨ᠂ ᠬᠥᠬᠡᠬᠤᠲᠠ ᠶᠢᠨ ᠣᠷᠣᠨ ᠪᠠᠶᠢᠷᠢ᠂ ᠵᠠᠮ ᠬᠠᠷᠢᠯᠴᠠᠭ᠎ᠠ᠂ ᠥᠪᠡᠷ ᠤᠨ ᠥᠷᠲᠡᠭ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ ᠠᠵᠤ ᠦᠢᠯᠡᠰ ᠤᠨ ᠳᠠᠪᠠᠭᠤᠯᠢᠭ ᠢᠯᠡᠷᠬᠡᠢ᠂ ᠬᠥᠭᠵᠢᠯᠲᠡ ᠶᠢᠨ ᠬᠠᠨᠳᠤᠰᠢ ᠡᠷᠴᠢᠮᠲᠡᠢ᠂ ᠵᠠᠬ᠎ᠠ ᠳᠡᠯᠭᠡᠭᠦᠷ ᠤᠨ ᠣᠷᠣᠨ ᠵᠠᠢ ᠥᠷᠭᠡᠨ ᠠᠭᠤᠳᠠᠮ᠂ ᠡᠨᠡ ᠨᠢ ᠠᠵᠤ ᠠᠬᠤᠶᠢᠯᠠᠯ ᠤᠨ ᠬᠥᠬᠡᠬᠤᠲᠠ ᠳᠤ ᠪᠡᠯᠡ ᠣᠷᠣᠭᠤᠯᠵᠤ ᠦᠢᠯᠡᠰ ᠢᠶᠠᠨ ᠬᠦᠭᠵᠢᠬᠦᠯᠬᠦ ᠢᠲᠡᠭᠡᠯ ᠵᠣᠷᠢᠭ ᠢ ᠤᠯᠠᠮ ᠪᠠᠲᠤᠳᠬᠠᠵᠠᠢ᠂ ᠬᠤᠳᠠᠯᠳᠤᠭᠠᠴᠢᠳ ᠤᠨ ᠡᠪᠯᠡᠯ ᠤᠨ ᠬᠢᠨ ᠲᠤᠰ ᠪᠡᠶ᠎ᠡ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠵᠤ᠂ ᠨᠡᠪᠲᠡᠷᠡᠯᠴᠡᠵᠦ᠂ ᠪᠡᠯᠡ ᠣᠷᠤᠭᠤᠯᠤᠯᠲᠠ ᠬᠠᠮᠳᠤᠷᠠᠯᠴᠠᠭᠠᠨ ᠤ ᠲᠦᠷᠦᠯ ᠵᠦᠢᠯ ᠢ ᠡᠷᠢᠯᠬᠢᠯᠡᠵᠦ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃      ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ