ᠾᠧ ᠬᠠᠢ ᠳ᠋ᠦᠩ ᠵᠧᠩ ᠲᠠᠢ ᠪᠦᠯᠦᠭᠯᠡᠯ ᠤᠨ ᠵᠢᠵᠢᠭᠦᠷ ᠶᠡᠷᠦᠩᠬᠡᠢ ᠵᠠᠬᠢᠷᠤᠯ ᠯᠤᠸᠠᠨ ᠭᠤᠸᠠᠩ ᠹᠦ᠋ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/9/22
      ︵ᠰᠤᠷᠪᠤᠯᠵᠢᠯᠠᠭᠴᠢ ᠯᠢᠦ ᠬᠤᠢ ᠬᠤᠢ︶ 9 ᠳ᠋ᠤᠭᠡᠷ ᠰᠠᠷ᠎ᠠ ᠶᠢᠨ 21 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠵᠧᠩ ᠲᠠᠢ ᠪᠦᠯᠦᠭᠯᠡᠯ ᠤᠨ ᠵᠢᠵᠢᠭᠦᠷ ᠶᠡᠷᠦᠩᠬᠡᠢ ᠵᠠᠬᠢᠷᠤᠯ ᠯᠤᠸᠠᠨ ᠭᠤᠸᠠᠩ ᠹᠦ᠋ ᠨᠠᠷ ᠲᠠᠢ ᠠᠭᠤᠯᠵᠠᠪᠠ᠃      ᠾᠧ ᠬᠠᠢ ᠳ᠋ᠦᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠯᠤᠸᠠᠨ ᠭᠤᠸᠠᠩ ᠹᠦ᠋ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ ᠪᠣᠬᠢᠷᠳᠤᠯ ᠦᠭᠡᠢ ᠴᠠᠬᠢᠯᠭᠠᠨ ᠬᠦᠴᠦᠨ ᠢᠶᠠᠷ ᠰᠠᠭᠤᠷᠢ ᠪᠣᠯᠭᠠᠭᠰᠠᠨ ᠴᠡᠪᠡᠷ ᠡᠨᠧᠷᠭᠢ ᠶᠢᠨ ᠠᠵᠤ ᠦᠢᠯᠡᠰ ᠤᠨ ᠪᠦᠭᠡᠮᠨᠡᠷᠡᠯ ᠪᠠ ᠡᠯᠧᠺᠲᠷᠣᠨ ᠤ ᠲᠡᠰ ᠤᠨ ᠴᠠᠬᠢᠭᠤᠷ ᠤᠨ ᠮᠠᠲ᠋ᠧᠷᠢᠶᠠᠯ᠂ ᠣᠶᠤᠨᠴᠢ ᠮᠡᠷᠭᠡᠵᠢᠯ ᠢᠶᠠᠷ ᠬᠥᠲᠥᠯᠥᠨ ᠳᠠᠭᠠᠭᠤᠯᠤᠭᠰᠠᠨ ᠰᠢᠨ᠎ᠡ ᠮᠠᠲ᠋ᠧᠷᠢᠶᠠᠯ ᠪᠣᠯᠣᠨ ᠤᠳᠤ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠦᠭᠡᠮᠨᠡᠷᠡᠯ ᠢ ᠬᠥᠭᠵᠢᠭᠦᠯᠬᠦ ᠲᠠᠯ᠎ᠠ ᠪᠠᠷ ᠣᠷᠣᠨ ᠪᠠᠶᠢᠷᠢ᠂ ᠠᠵᠤ ᠦᠢᠯᠡᠰ᠂ ᠥᠪᠡᠷ ᠤᠨ ᠦᠷᠳᠡᠭ ᠤᠨ ᠢᠯᠡᠳᠲᠡ ᠳᠠᠪᠠᠭᠤᠯᠢᠭ ᠲᠠᠢ ᠶᠤᠮ᠃ ᠵᠧᠩ ᠲᠠᠢ ᠪᠦᠯᠦᠭᠯᠡᠯ ᠪᠣᠯ ᠮᠠᠨ ᠤ ᠤᠯᠤᠰ ᠤᠨ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠰᠡᠯ ᠤᠨ ᠳᠠᠭᠠᠭᠤᠯᠤᠭᠴᠢ ᠠᠵᠤ ᠠᠬᠤᠶᠢᠯᠠᠯ ᠪᠠ ᠰᠢᠨ᠎ᠡ ᠡᠨᠧᠷᠭᠢ ᠶᠢᠨ ᠳᠠᠭᠠᠭᠤᠯᠤᠭᠴᠢ ᠠᠵᠤ ᠠᠬᠤᠶᠢᠯᠠᠯ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠲᠤᠬᠢᠷᠠᠯᠴᠠᠬᠤ ᠬᠡᠮᠵᠢᠶ᠎ᠡ ᠥᠨᠳᠥᠷ᠂ ᠭᠠᠷᠳᠠᠴᠠ ᠤᠯᠠᠨ᠃ ᠠᠵᠤ ᠠᠬᠤᠶᠢᠯᠠᠯ ᠨᠢ ᠰᠢᠨ᠎ᠡ ᠨᠢᠭᠡ ᠡᠭᠡᠯᠵᠢ ᠶᠢᠨ ᠴᠡᠪᠡᠷ ᠡᠨᠧᠷᠭᠢ ᠶᠢᠨ ᠬᠤᠪᠢᠰᠬᠠᠯ ᠤᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠤᠳᠤ ᠶᠢᠨ ᠬᠠᠮᠲᠤᠷᠠᠯᠴᠠᠭᠠᠨ ᠤ ᠰᠠᠭᠤᠷᠢᠨ ᠳᠡᠭᠡᠷ᠎ᠡ᠂ ᠣᠯᠣᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠰᠢᠨ᠎ᠡ ᠡᠨᠧᠷᠭᠢ ᠶᠢᠨ ᠭᠡᠷᠡᠯ ᠴᠡᠨᠡᠭ᠂ ᠣᠶᠤᠨᠴᠢ ᠦᠢᠯᠡᠳᠬᠡᠯ᠂ ᠣᠶᠤᠨᠲᠤ ᠬᠤᠳᠠ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ᠂ ᠣᠷᠣᠨ ᠪᠦᠰᠡ ᠶᠢᠨ ᠶᠡᠷᠦᠩᠬᠡᠢ ᠬᠡᠯᠲᠡᠰ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠢᠳᠡᠪᠬᠢᠲᠡᠢ ᠥᠷᠭᠡᠳᠬᠡᠵᠦ᠂ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠬᠠᠮᠲᠤᠪᠠᠷ ᠲᠥᠯᠥᠪᠵᠢᠭᠦᠯᠬᠦ ᠪᠠ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃ ᠬᠥᠬᠡᠬᠤᠲᠠ  ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠦᠢᠯᠡᠴᠢᠯᠡᠵᠦ᠂  ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠬᠦᠴᠦ ᠪᠠᠨ ᠬᠠᠮᠲᠤᠳᠬᠠᠨ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ  ᠰᠠᠨᠠᠭ᠎ᠠ ᠠᠮᠤᠷ  ᠲᠠᠭᠠᠯᠠᠮᠵᠢᠲᠠᠢ ᠬᠦᠭᠵᠢᠭᠦᠯᠵᠦ᠂ ᠠᠵᠤ ᠠᠬᠤᠶᠢᠯᠠᠯ ᠤᠨ ᠬᠥᠬᠡᠬᠤᠲᠠ ᠳᠤ  ᠪᠤᠵᠠᠭᠠᠶᠢᠷᠠᠨ ᠬᠦᠴᠦᠷᠭᠡᠭᠵᠢᠬᠦᠯᠬᠦ ᠳᠤ  ᠬᠦᠴᠦᠨ ᠨᠡᠮᠡᠷᠢᠯᠡᠨ᠎ᠡ ᠭᠡᠵᠡᠢ᠃      ᠯᠤᠸᠠᠨ ᠭᠤᠸᠠᠩ ᠹᠦ᠋ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠵᠧᠩ ᠲᠠᠢ ᠪᠦᠯᠦᠭᠯᠡᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠬᠤ ᠶᠢᠨ ᠬᠠᠮᠲᠤ ᠪᠦᠯᠦᠭᠯᠡᠯ ᠤᠨ ᠲᠤᠬᠠᠶᠢᠯᠠᠭᠰᠠᠨ ᠠᠵᠢᠯ ᠤᠨ ᠬᠡᠰᠡᠭ᠂ ᠬᠥᠬᠡᠬᠤᠲᠠ ᠳᠠᠬᠢ ᠬᠠᠮᠲᠤᠷᠠᠯᠴᠠᠭᠠᠨ ᠤ ᠲᠦᠷᠦᠯ ᠵᠦᠢᠯ ᠢ ᠥᠷᠨᠢᠭᠦᠯᠦᠭᠰᠡᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠶᠢ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠬᠡᠬᠤᠲᠠ ᠳᠤ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠪᠦᠬᠦ ᠬᠡᠯᠬᠢᠶ᠎ᠡ ᠪᠠᠷ ᠬᠦᠭᠵᠢᠬᠦᠯᠬᠦ ᠲᠠᠯ᠎ᠠ ᠳᠤ ᠰᠠᠶᠢᠲᠤᠷ ᠠᠵᠢᠯᠯᠠᠵᠤ᠂ ᠨᠡᠩ ᠤᠯᠠᠨ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠬᠥᠬᠡᠬᠤᠲᠠ ᠶᠢᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃      ᠬᠤᠳᠠ ᠶᠢᠨ ᠤᠳᠤᠷᠢᠳᠤᠯᠭ᠎ᠠ ᠵᠠᠩ ᠵᠦᠩ ᠳ᠋ᠦᠩ᠂ ᠯᠢ ᠰᠢᠶᠣᠣ ᠶᠠᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ  ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ