ᠪᠦᠬᠦ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/22
      ︵ᠰᠤᠷᠪᠤᠯᠵᠢᠯᠠᠭᠴᠢ ᠠᠷᠢᠭᠤᠨ᠎ᠠ︶ 9 ᠳ᠋ᠤᠭᠡᠷ ᠰᠠᠷ᠎ᠠ ᠶᠢᠨ 21 ᠤ ᠡᠳᠦᠷ᠂ ᠪᠥᠬᠦ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠵᠤ᠂ 1-8 ᠳ᠋ᠤᠭᠠᠷ ᠰᠠᠷ᠎ᠠ ᠶᠢᠨ ᠪᠥᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ᠂ ᠬᠤᠲᠠ ᠶᠢᠨ ᠪᠦᠲᠦᠭᠡᠨ ᠪᠠᠶᠢᠭᠤᠯᠤᠯᠲᠠ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠠᠵᠢᠯ᠂ ︽ᠲᠠᠪᠤ ᠶᠢ ᠲᠣᠶᠢᠯᠪᠤᠷᠢᠲᠠᠢ ᠪᠠᠶᠢᠴᠠᠭᠠᠬᠤ︾ ᠠᠵᠢᠯ᠂ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠵᠡᠷᠭᠡ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃      ᠬᠤᠲᠠ  ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ  ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠢ ᠳ᠋ᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠰᠧ ᠶᠠᠩ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ᠂ ᠬᠤᠲᠠ  ᠶᠢᠨ ᠳᠡᠳ᠋ ᠳᠠᠷᠤᠭ᠎ᠠ ᠯᠢ ᠰᠢᠶᠣᠣ ᠶᠠᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠬᠤᠯᠪᠣᠭᠳᠠᠯ ᠪᠦᠬᠦᠢ ᠠᠵᠢᠯ ᠤᠨ ᠦᠨᠡᠯᠡᠯᠲᠡ ᠪᠠ ᠪᠠᠶᠢᠷᠢᠯᠠᠭᠤᠯᠤᠯᠲᠠ ᠬᠢᠵᠡᠢ᠃ᠬᠡᠰᠡᠭ ᠭᠠᠵᠠᠷ ᠣᠷᠣᠨ᠂ ᠰᠠᠯᠠᠭ᠎ᠠ ᠮᠥᠴᠢᠷ ᠤᠨ ᠬᠢᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠬᠤᠷᠠᠯ ᠠᠴᠠ ᠱᠠᠭᠠᠷᠳᠠᠭᠰᠠᠨ ᠨᠢ᠂ ᠠᠵᠤ ᠠᠬᠤᠢ ᠶᠢᠨ ᠠᠵᠢᠯᠯᠠᠭᠠᠨ ᠤ ᠠᠵᠢᠯ ᠳᠤᠮᠳᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠭᠦᠢᠴᠡᠳᠬᠡᠯ ᠲᠤᠭ᠎ᠠ᠂ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠠᠵᠢᠯ ᠢᠶᠠᠷ ᠭᠠᠷᠳᠠᠴᠠ ᠪᠣᠯᠭᠠᠵᠤ᠂ ᠪᠦᠬᠦ ᠬᠦᠴᠦᠨ ᠢᠶᠠᠷ ᠢᠶᠠᠨ ᠬᠠᠳᠠᠭᠠᠯᠠᠯᠲᠠ ᠶᠢ ᠠᠮᠢᠳᠤᠯᠢᠭᠵᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠣᠷᠣᠭᠤᠯᠤᠨ ᠠᠪᠴᠢᠷᠠᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠡᠨᠧᠷᠭᠢ ᠶᠢ ᠨᠡᠮᠡᠭᠳᠡᠭᠦᠯᠵᠦ᠂ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠵᠦ᠂ ᠡᠷᠡᠭᠦᠯ ᠲᠣᠭᠲᠠᠭᠤᠨ ᠬᠥᠭᠵᠢᠯᠲᠡ ᠶᠢᠨ ᠬᠠᠨᠳᠤᠰᠢ ᠶᠢ ᠦᠷᠭᠦᠯᠵᠢᠯᠡᠨ ᠪᠠᠲᠤᠯᠠᠬᠤ ᠬᠡᠷᠡᠭᠲᠡᠢ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠠᠵᠢᠯ ᠤᠨ ᠳᠤᠮᠳᠠ᠂ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠳ ᠢᠯᠴᠢ ᠬᠠᠩᠭᠠᠬᠤ᠂ ᠬᠠᠭᠤᠴᠢᠨ ᠬᠤᠷᠢᠶᠠᠯᠠᠯ ᠢ ᠥᠭᠡᠷᠡᠴᠢᠯᠡᠬᠦ᠂ ᠵᠠᠮ ᠤᠨ ᠲᠣᠣᠷ ᠢ ᠪᠦᠲᠦᠭᠡᠨ ᠪᠠᠶᠢᠭᠤᠯᠬᠤ ᠵᠡᠷᠭᠡ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠲᠠ ᠨᠡᠪᠲᠡᠷᠡᠯᠴᠡᠨ ᠬᠠᠷᠢᠯᠴᠠᠵᠤ᠂ ᠠᠵᠢᠯ ᠤᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠦᠨ᠂ ᠡᠪᠦᠯ ᠣᠷᠣᠬᠤ  ᠠᠴᠠ ᠡᠮᠦᠨᠡᠬᠢ ᠡᠨᠡ ᠬᠦ ᠬᠤᠭᠤᠴᠠᠭ᠎ᠠ ᠶᠢ ᠠᠰᠢᠭᠯᠠᠨ ᠣᠷᠣᠰᠢᠵᠤ ᠪᠠᠶᠢᠭ᠎ᠠ ᠠᠰᠠᠭᠤᠳᠠᠯ ᠬᠡᠮ ᠰᠣᠭᠤᠭ ᠢ ᠲᠤᠶᠢᠯᠪᠤᠷᠢᠲᠠᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠲᠠᠪᠤ ᠶᠢ ᠲᠣᠶᠢᠯᠪᠤᠷᠢᠲᠠᠢ ᠪᠠᠶᠢᠴᠠᠭᠠᠬᠤ︾ ᠠᠵᠢᠯ ᠢ  ᠪᠣᠳᠠᠲᠠᠶᠢᠵᠢᠭᠤᠯᠤᠨ᠂ ᠭᠦᠨᠵᠡᠭᠡᠶᠢᠷᠡᠭᠦᠯᠦᠨ᠂ ᠨᠠᠷᠢᠯᠢᠭᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠷᠭ᠎ᠠ ᠬᠡᠮᠵᠢᠶ᠎ᠡ ︽ᠪᠣᠳᠠᠲᠠᠢ︾᠂ ᠬᠠᠷᠢᠭᠤᠴᠠᠯᠭ᠎ᠠ ︽ᠲᠣᠳᠣᠷᠬᠠᠢ︾᠂  ︽ᠲᠦᠷᠭᠡᠨ︾ ᠠᠬᠢᠭᠤᠯᠵᠤ᠂ ᠳ᠋ᠤᠭᠠᠷ ᠢ  ︽ᠣᠨᠣᠪᠴᠢᠲᠠᠶ︾ ᠬᠠᠰᠤᠵᠤ᠂  ︽ᠭᠦᠢᠴᠡᠳ ᠰᠠᠶᠢᠳᠤᠷ︾ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠦᠨᠡᠨᠬᠦ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠠᠨ ᠂ ᠪᠡᠶᠡᠯᠡᠭᠦᠯᠬᠦ ᠴᠠᠭ ᠤᠨ ᠬᠢᠵᠠᠭᠠᠷ ᠢ ᠵᠦᠢᠯ ᠵᠤᠷᠪᠤᠰ ᠳᠠᠷᠠᠭᠠᠯᠠᠨ ᠲᠣᠳᠣᠷᠬᠠᠶᠢᠯᠠᠵᠤ᠂ ᠠᠰᠠᠭᠤᠳᠠᠯ ᠢ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠰᠢᠢᠳᠪᠦᠷᠢᠯᠡᠵᠦ᠂ ᠲᠣᠶᠢᠯᠪᠤᠷᠢᠲᠠᠢ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠨᠢ ᠪᠦᠲᠦᠮᠵᠢᠲᠡᠶ ᠂ ᠴᠡᠭᠴᠡᠯᠡᠨ  ᠰᠠᠶᠢᠵᠢᠷᠠᠭᠤᠯᠤᠭᠰᠠᠨ ᠨᠢ ᠡᠷᠴᠢ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠰᠢᠢᠳᠪᠦᠷᠢᠯᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ︽ᠦᠢᠯᠡᠴᠢᠯᠡᠭᠡ︾ ᠶᠢ ᠲᠦᠷᠦᠭᠦᠨ ᠳᠤ ᠲᠠᠯᠪᠢᠵᠤ᠂ ᠦᠷ᠎ᠡ ᠪᠦᠲᠦᠮᠵᠢ ᠶᠢ ᠪᠠᠬᠢᠵᠢᠭᠦᠯᠦᠨ᠂ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠵᠤ᠂ ᠢᠷᠡᠬᠦ ᠵᠢᠯ ᠤᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠦᠨᠡᠨᠬᠦ ᠪᠠᠲᠤᠯᠠᠵᠤ᠂ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠨᠤᠷᠮ᠎ᠠ᠂ ᠬᠠᠨᠤᠮᠵᠢ ᠶᠢᠨ ᠨᠤᠷᠮ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶᠢᠵᠢᠭᠤᠯᠤᠨ ᠨᠠᠷᠢᠯᠢᠭ ᠬᠢᠬᠦ ᠬᠡᠷᠡᠭᠲᠡᠢ᠃ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠢ ᠸᠢᠳᠢᠤ᠋  ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ  ᠬᠤᠯᠪᠤᠭᠳᠠᠯ ᠪᠦᠬᠦᠢ ᠤᠳᠤᠷᠢᠳᠤᠯᠭ᠎ᠠ ᠪᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ