9 ᠳ᠋ᠤᠭᠡᠷ ᠰᠠᠷ᠎ᠠ ᠶᠢᠨ 21 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/22
      9 ᠳ᠋ᠤᠭᠡᠷ ᠰᠠᠷ᠎ᠠ ᠶᠢᠨ 21 ᠤ ᠡᠳᠦᠷ ᠤᠨ 0  ᠴᠠᠭ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 5 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠵᠤ ᠬᠤᠪᠢᠷᠠᠭᠰᠠᠨ 1 ᠵᠢᠱᠢᠶ᠎ᠡ ᠶᠢ ᠪᠠᠭᠲᠠᠭᠠᠨ᠎ᠠ︶᠂ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ1 ᠨᠡᠮᠡᠭᠳᠡᠪᠡ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ  ᠬᠤᠪᠢᠶᠠᠷᠢᠯᠠᠨ  ᠪᠠᠭᠤᠯᠭᠠᠭᠰᠠᠨ᠃  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 6 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ ᠪᠣᠢ︶᠂ ᠰᠢᠯᠢ ᠶᠢᠨ ᠭᠤᠣᠯ ᠠᠶᠢᠮᠠᠭ ᠲᠤ 4 ︵ᠴᠥᠮ ᠰᠢᠯᠢᠩᠬᠤᠲᠠ ᠳᠤ ᠪᠣᠶ︶᠂ ᠠᠯᠠᠱᠠ ᠠᠶᠢᠮᠠᠭ ᠲᠤ 1 ︵ᠴᠡᠭᠡ ᠪᠣᠭᠤᠮᠲᠠ ᠳᠤ ᠪᠣᠶ︶ ᠪᠣᠶ ᠃  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ ᠠᠴᠠ 4 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 2 ︵ᠰᠢᠯᠢ ᠶᠢᠨ ᠬᠤᠲᠠ ᠳᠤ 1᠂ ᠡᠷᠢᠶᠡᠨ ᠬᠤᠲᠠ ᠳᠤ 1︶᠂ ᠠᠯᠠᠱᠠ ᠠᠶᠢᠮᠠᠭ ᠲᠤ 2 ︵ᠴᠥᠮ ᠴᠡᠭᠡ ᠪᠣᠭᠤᠮᠲᠠ ᠳᠤ ᠪᠣᠶ︶ ᠪᠣᠶ᠃      9 ᠳ᠋ᠤᠭᠡᠷ ᠰᠠᠷ᠎ᠠ ᠶᠢᠨ 21 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 232 ᠪᠤᠶ᠂ ᠡᠭᠦᠨ ᠳᠤ ᠬᠥᠯᠥᠨ ᠪᠤᠶᠢᠷ ᠬᠤᠲᠠ ᠳᠤ 4 ︵ᠴᠥᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 224 ︵ᠬᠤᠩᠱᠠᠨ ᠲᠣᠭᠤᠷᠢᠭ ᠲᠤ 5᠂ ᠰᠦᠩᠱᠠᠨ ᠲᠣᠭᠤᠷᠢᠭ ᠲᠤ 104᠂ ᠣᠩᠨᠢᠭᠤᠳ ᠬᠤᠰᠢᠭᠤᠨ ᠳᠤ 110᠂ ᠠᠷᠤ ᠬᠤᠷᠴᠢᠨ ᠬᠤᠰᠢᠭᠤᠨ ᠳᠤ 5 ᠪᠣᠢ︶᠂ ᠰᠢᠯᠢ ᠶᠢᠨ ᠭᠤᠣᠯ ᠠᠶᠢᠮᠠᠭ ᠲᠤ 3 ︵ᠰᠢᠯᠢᠩᠬᠤᠲᠠ ᠳᠤ 2᠂ ᠡᠷᠢᠶᠡᠨ ᠬᠤᠲᠠ ᠳᠤ 1 ᠪᠣᠢ︶᠂ ᠠᠯᠠᠱᠠ ᠠᠶᠢᠮᠠᠭ ᠲᠤ 1 ︵ᠡᠵᠡᠨ᠎ᠡ ᠬᠤᠰᠢᠭᠤᠨ ᠳᠤ  ᠪᠣᠢ︶ ᠪᠣᠢ᠂  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 264 ᠪᠣᠶ᠂ ᠡᠭᠦᠨ ᠳᠤ ᠤᠯᠠᠭᠠᠨᠬᠠᠳᠠ ᠬᠤᠲᠠ ᠳᠤ 237 ︵ᠬᠤᠩᠱᠠᠨ ᠲᠣᠭᠤᠷᠢᠭ  ᠲᠤ 8᠂ ᠰᠦᠩᠱᠠᠨ ᠲᠣᠭᠤᠷᠢᠭ ᠲᠤ 90᠂ ᠣᠩᠨᠢᠭᠤᠳ  ᠬᠤᠰᠢᠭᠤᠨ ᠳᠤ 139 ᠪᠣᠢ︶᠂ ᠰᠢᠯᠢ ᠶᠢᠨ ᠭᠤᠣᠯ ᠠᠶᠢᠮᠠᠭ ᠲᠤ 5 ︵ᠰᠢᠯᠢᠩᠬᠤᠲᠠ ᠳᠤ 4᠂ ᠡᠷᠢᠶᠡᠨ ᠬᠤᠲᠠ  ᠳᠤ 1ᠪᠣᠢ︶᠂ ᠪᠠᠶᠠᠨᠨᠠᠭᠤᠷ ᠬᠤᠲᠠ ᠳᠤ 5 ︵ᠴᠦᠮ ᠯᠢᠨ ᠾᠧ ᠲᠣᠭᠤᠷᠢᠭ ᠲᠤ ᠪᠣᠶ︶᠂ ᠠᠯᠠᠱᠠ ᠠᠶᠢᠮᠠᠭ  ᠲᠤ 17 ︵ᠡᠵᠡᠨ᠎ᠡ ᠬᠤᠰᠢᠭᠤᠨ ᠳᠤ 4᠂ ᠴᠡᠭᠡ ᠪᠣᠭᠤᠮᠲᠠ ᠳᠤ 13 ᠪᠣᠢ︶ ᠪᠣᠶ᠃ ᠬᠢᠯᠢ ᠶᠢᠨ ᠭᠠᠳᠠᠨ᠎ᠠ ᠠᠴᠠ ᠵᠢᠱᠢᠶ᠎ᠡ 11᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ᠪᠠᠶᠢᠵᠤ ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ  ᠢ ᠴᠥᠮ ᠲᠤᠭᠲᠠᠭᠰᠠᠨ ᠡᠮᠨᠡᠯᠭᠡ  ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ