ᠾᠧ ᠬᠠᠢ ᠳ᠋ᠦᠩ ᠺᠧ ᠳ᠋ᠠ ᠰᠢᠶᠦ᠋ᠨ ᠹᠧᠢ ᠺᠤᠮᠫᠠᠨᠢ ᠶᠢᠨ ᠬᠠᠮᠳᠤᠷᠠᠨ ᠡᠭᠦᠰᠬᠡᠨ ᠪᠠᠶᠢᠭᠤᠯᠤᠭᠴᠢ᠂ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠯ ᠰᠢᠦᠢ ᠢᠦᠢ ᠯᠢᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/9/23
      ︵ᠰᠤᠷᠪᠤᠯᠵᠢᠯᠠᠭᠴᠢ ᠯᠢᠶᠠᠩ ᠵᠢᠩ ᠱᠦ︶ 9 ᠳ᠋ᠤᠭᠡᠷ ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠺᠧ ᠳ᠋ᠠ ᠰᠢᠶᠦ᠋ᠨ ᠹᠧᠢ  ᠺᠤᠮᠫᠠᠨᠢ ᠶᠢᠨ  ᠬᠠᠮᠳᠤᠷᠠᠨ ᠡᠭᠦᠰᠬᠡᠨ ᠪᠠᠶᠢᠭᠤᠯᠤᠭᠴᠢ᠂ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠯ ᠰᠢᠦᠢ ᠢᠦᠢ ᠯᠢᠨ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠣᠶᠤᠨᠲᠤ ᠰᠤᠷᠭᠠᠨ ᠬᠥᠮᠦᠵᠢᠯ᠂ ᠣᠶᠤᠨᠲᠤ ᠡᠮ ᠡᠮᠨᠡᠯᠭᠡ ᠵᠡᠷᠭᠡ ᠬᠦᠷᠢᠶᠡᠨ ᠤ ᠬᠠᠮᠲᠤᠷᠠᠯᠴᠠᠭᠠᠨ ᠤ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃      ᠾᠧ ᠬᠠᠢ ᠳ᠋ᠦᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠰᠢᠦᠢ ᠢᠦᠢ ᠯᠢᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠤᠯᠤᠰ ᠤᠨ ᠳᠣᠲᠣᠭᠠᠳᠤ ᠶᠢᠨ ᠵᠣᠬᠢᠶᠠᠮᠠᠯ ᠤᠶᠤᠨ ᠤ ᠬᠦᠷᠢᠶᠡᠨ ᠳᠠᠬᠢ ᠨᠥᠯᠥᠭᠡᠯᠡᠬᠦ ᠬᠦᠴᠦᠨ ᠲᠠᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠺᠧ ᠳ᠋ᠠ ᠰᠢᠶᠦ᠋ᠨ ᠹᠧᠢ ᠺᠣᠮᠫᠠᠨᠢ ᠨᠢ ᠮᠡᠷᠭᠡᠵᠢᠯ᠂ ᠡᠬᠢ ᠪᠠᠶᠠᠯᠢᠭ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠬᠡᠬᠤᠲᠠ ᠶᠢᠨ ᠰᠤᠷᠭᠠᠨ ᠬᠥᠮᠦᠵᠢᠯ᠂ ᠡᠮᠴᠢᠯᠡᠭᠡ ᠶᠢᠨ   ᠲᠤᠭᠠᠴᠢᠯᠠᠯᠠᠲᠠ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠵᠦ᠂ ᠣᠷᠣᠨ ᠤ ᠲᠥᠪ ᠤᠨ ᠰᠤᠷᠭᠠᠨ ᠬᠥᠮᠦᠵᠢᠯ ᠪᠠ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃ ᠬᠥᠬᠡᠬᠤᠲᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠣᠷᠣᠨ ᠨᠤᠲᠤᠭ ᠠᠵᠤ ᠠᠬᠤᠶᠢᠯᠠᠯ ᠬᠠᠮᠲᠤᠪᠠᠷ ᠬᠥᠭᠵᠢᠯᠲᠡ ᠶᠢ ᠠᠬᠢᠭᠤᠯᠬᠤ ᠶᠢ ᠪᠡᠶᠡᠯᠡᠭᠦᠯᠦᠨ᠎ᠡ ᠭᠡᠵᠡᠢ᠃      ᠰᠢᠦᠢ ᠢᠦᠢ ᠯᠢᠨ ᠬᠤᠯᠪᠣᠭᠳᠠᠯ ᠪᠦᠬᠦᠢ ᠲᠦᠷᠦᠯ ᠵᠦᠢᠯ ᠤᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠺᠧ ᠳ᠋ᠠ ᠰᠢᠶᠦ᠋ᠨ ᠹᠧᠢ ᠳᠤᠷᠠᠲᠠᠶ᠎ᠠ ᠬᠥᠬᠡᠬᠤᠲᠠ ᠶᠢᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠵᠤ᠂ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠣᠶᠤᠨᠲᠤ ᠡᠮᠴᠢᠯᠡᠭᠡ᠂ ᠣᠶᠤᠨᠲᠤ ᠰᠤᠷᠭᠠᠨ ᠬᠥᠮᠦᠵᠢᠯ᠂ ᠣᠶᠤᠨᠲᠤ ᠮᠠᠯ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠣᠬᠢᠶᠠᠮᠠᠯ ᠤᠶᠤᠨ ᠢᠶᠠᠷ ᠤᠯᠠᠮᠵᠢᠯᠠᠯᠲᠤ ᠠᠵᠤ ᠦᠢᠯᠡᠰ᠂ ᠨᠡᠶᠢᠭᠡᠮ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠳᠤ ᠬᠦᠴᠦᠨ ᠴᠢᠳᠠᠪᠤᠷᠢ ᠣᠯᠭᠤᠬᠤ ᠶᠢ ᠠᠬᠢᠭᠤᠯᠵᠤ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠢ᠃      ᠬᠤᠳᠠ ᠶᠢᠨ ᠳᠡᠳ᠋ ᠳᠠᠷᠤᠭ᠎ᠠ ᠰᠢᠶᠣᠣ ᠹᠠᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠤᠯᠪᠣᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ