ᠾᠧ ᠬᠠᠢ ᠳ᠋ᠦᠩ ᠭᠤᠣᠯᠳᠠᠯᠭ᠎ᠠ ᠲᠠᠢ ᠲᠥᠷᠥᠯ ᠵᠦᠢᠯ ᠵᠢᠴᠢ ᠭᠤᠣᠯᠳᠠᠯᠭ᠎ᠠ ᠲᠠᠢ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/23
      ︵ᠰᠤᠷᠪᠤᠯᠵᠢᠯᠠᠭᠴᠢ ᠯᠢᠦ ᠬᠤᠢ ᠬᠤᠢ︶ 9 ᠳ᠋ᠤᠭᠡᠷ ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠨᠠᠷ ᠮᠠᠨ ᠤ ᠬᠤᠳᠠ ᠶᠢᠨ ᠰᠢᠨ᠎ᠡ ᠮᠠᠲ᠋ᠧᠷᠢᠶᠠᠯ ᠤᠨ ᠬᠦᠷᠢᠶᠡᠨ ᠤ ᠭᠤᠣᠯᠳᠠᠯᠭ᠎ᠠ ᠲᠠᠢ ᠲᠦᠷᠦᠯ ᠵᠦᠢᠯ ᠵᠢᠴᠢ ᠭᠤᠣᠯᠳᠠᠯᠭ᠎ᠠ ᠲᠠᠢ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠲᠠᠯᠠᠪᠤᠷ ᠲᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠾᠧ ᠬᠠᠢ ᠳ᠋ᠦᠩ ᠨᠠᠷ ᠡᠩ ᠲᠡᠷᠢᠭᠦᠨ ᠳᠤ ᠶᠢᠨ ᠬᠠᠢ ᠵᠠᠮ ᠤᠨ ᠪᠠᠷᠠᠭᠤᠨᠰᠢ ᠦᠷᠭᠦᠯᠵᠢᠯᠡᠭᠰᠡᠨ ᠬᠡᠰᠡᠭ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠵᠠᠮ ᠤᠨ ᠪᠠᠷᠢᠯᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠵᠤ᠂ ᠵᠠᠮ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠡᠪᠡᠷᠰᠢᠶᠡᠯ᠂ ᠲᠦᠭᠵᠢᠷᠡᠯ ᠠᠰᠠᠭᠤᠳᠠᠯ ᠢ ᠲᠤᠬᠠᠢ ᠶᠢᠨ ᠲᠠᠯᠠᠪᠠᠢ ᠳᠤ ︽ᠣᠨᠣᠰᠢᠯᠠᠵᠤ︾᠂ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠲᠡᠷᠡ ᠱᠠᠭᠠᠷᠳᠠᠬᠤ ᠳᠠᠭᠠᠨ᠂ ᠪᠠᠷᠢᠯᠭ᠎ᠠ ᠶᠢᠨ ᠨᠢᠭᠡᠴᠡ ᠪᠣᠯᠣᠨ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠪᠠᠷᠢᠯᠭ᠎ᠠ ᠶᠢᠨ ᠠᠮᠤᠷ ᠲᠦᠪᠰᠢᠨ᠂ ᠲᠦᠷᠦᠯ ᠵᠦᠢᠯ ᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠡᠷᠴᠢᠮ ᠢᠶᠠᠨ ᠴᠢᠩᠭᠠᠷᠠᠭᠤᠯᠵᠤ᠂ ᠠᠬᠢᠴᠠ ᠶᠢ ᠴᠢᠩᠭ᠎ᠠ ᠠᠩᠬᠠᠷᠴᠤ᠂ ᠴᠠᠭ ᠤᠨ ᠬᠦᠰᠦᠨᠦᠭᠲᠦ᠂ ᠡᠭᠦᠷᠭᠡ ᠶᠢᠨ ᠵᠢᠷᠤᠭ ᠢ ᠴᠢᠩᠭ᠎ᠠ ᠵᠢᠷᠤᠮᠯᠠᠨ᠂ ᠵᠠᠮ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠥᠪᠥᠷ ᠮᠣᠩᠭᠤᠯ ᠤᠨ ᠵᠦᠩ ᠯᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠱᠧᠩ  ᠹᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠦᠦ ᠯᠢ ᠰᠢᠨ ︵ᠥᠪᠥᠷ ᠮᠣᠩᠭᠤᠯ︶ ᠳ᠋ᠢᠶᠠᠨ ᡂᠢ ᠶᠢᠨ ᠬᠢᠵᠠᠭᠠᠷᠲᠤ ᠺᠣᠮᠫᠠᠨᠢ᠂ ᠺᠠᠢ ᠸᠧ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠷᠦᠯ ᠵᠦᠢᠯ ᠤᠨ ᠲᠣᠭᠤᠷᠢᠭ ᠲᠤ ᠂ ᠾᠧ ᠬᠠᠢ ᠳ᠋ᠦᠩ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠬᠥᠭᠵᠢᠯᠲᠡ ᠶᠢᠨ ᠲᠥᠯᠦᠪᠵᠢᠭᠦᠯᠭᠡ ᠵᠢᠴᠢ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠶᠯᠡᠳᠬᠦ ᠦᠢᠯᠡᠰ ᠪᠣᠯ ᠮᠠᠨ ᠤ ᠬᠤᠲᠠ ᠶᠢᠨ ᠭᠤᠣᠯᠳᠠᠯᠭ᠎ᠠ ᠲᠠᠢ ᠪᠣᠶᠢᠵᠢᠭᠤᠯᠤᠨ ᠬᠥᠭᠵᠢᠭᠦᠯᠦᠭᠰᠡᠨ ︽ᠵᠢᠷᠭᠤᠭᠠᠨ ᠶᠡᠭᠡ ᠠᠵᠤ ᠦᠢᠯᠡᠰ ᠤᠨ  ᠪᠦᠭᠡᠮᠨᠡᠷᠡᠯ︾ ᠤᠨ ᠨᠢᠭᠡ᠂ ᠮᠦᠨ ᠴᠤ ᠣᠶᠢᠷ᠎ᠠ ᠶᠢᠨ ᠵᠢᠯ ᠤᠳ ᠲᠤ ᠣᠷᠣᠨ ᠤ ᠲᠥᠪ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠳᠤᠮᠳᠠ ᠨᠡᠯᠢᠶᠡᠳ ᠲᠦᠷᠭᠡᠨ ᠦᠰᠦᠨ ᠪᠣᠶᠢᠵᠢᠭᠰᠠᠨ ᠠᠵᠤ ᠦᠢᠯᠡᠰ ᠮᠥᠨ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠭᠤᠣᠯᠳᠠᠯᠭ᠎ᠠ  ᠲᠠᠢ ᠲᠥᠷᠥᠯ ᠵᠦᠢᠯ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ  ᠶᠢ ᠲᠦᠷᠭᠡᠳᠬᠡᠨ ᠠᠬᠢᠭᠤᠯᠵᠤ᠂ ᠰᠢᠨ᠎ᠡ ᠮᠠᠲ᠋ᠧᠷᠢᠶᠠᠯ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠡᠮᠦᠨ᠎ᠡ ᠡᠩᠨᠡᠭᠡᠨ ᠳᠤ ᠣᠷᠤᠬᠤ ᠪᠠᠷ ᠬᠠᠷᠠᠯᠲᠠ ᠪᠣᠯᠭᠠᠵᠤ᠂ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ᠂ ᠵᠠᠬ᠎ᠠ ᠳᠡᠯᠭᠡᠭᠦᠷ ᠢ ᠨᠡᠭᠡᠭᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠵᠡᠩᠨᠡᠯᠲᠡ ᠬᠥᠭᠵᠢᠯᠲᠡ ᠶᠢᠨ ᠰᠡᠳᠬᠢᠴᠡ ᠪᠠᠨ ᠥᠷᠭᠡᠳᠬᠡᠨ᠂ ᠦᠢᠯᠡᠳᠪᠦᠷᠢᠯᠡᠬᠦ ᠴᠢᠳᠠᠪᠤᠷᠢ ᠪᠠᠨ ᠥᠷᠭᠡᠳᠬᠡᠵᠦ᠂ ᠲᠤᠬᠠᠶᠢᠯᠠᠭᠰᠠᠨ ᠠᠵᠢᠯ ᠤᠨ ᠬᠡᠪᠴᠢᠶ᠎ᠡ ᠪᠠᠨ ᠥᠷᠭᠡᠳᠬᠡᠵᠦ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠬᠦ ᠬᠡᠯᠬᠢᠶ᠎ᠡ ᠶᠢᠨ ᠬᠥᠭᠵᠢᠯᠲᠡ ᠶᠢᠨ ᠲᠠᠯ᠎ᠠ ᠪᠠᠷ ᠬᠥᠲᠥᠯᠥᠨ ᠳᠠᠭᠠᠭᠤᠯᠬᠤ ᠪᠠ ᠰᠢᠨ᠎ᠡ ᠶᠢ ᠡᠭᠦᠳᠬᠦ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠲᠥᠪᠯᠡᠷᠡᠭᠰᠡᠨ᠂ ᠠᠵᠤ ᠦᠢᠯᠡᠰ ᠲᠥᠪᠯᠡᠷᠡᠭᠰᠡᠨ᠂ ᠬᠦᠴᠦᠨ ᠵᠦᠢᠯ ᠡᠷᠴᠢᠮᠵᠢᠭᠰᠡᠨ ᠤᠳᠤ ᠦᠶ᠎ᠡ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠣᠯᠭᠠᠬᠤ ᠬᠡᠷᠡᠭᠲᠡᠢ᠃ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂  ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠤᠳᠤ ᠶᠢᠨ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠲᠦᠷᠦᠯ ᠵᠦᠢᠯ ᠢ ᠲᠦᠷᠭᠡᠨ ᠪᠦᠲᠦᠭᠡᠨ  ᠪᠠᠶᠢᠭᠤᠯᠵᠤ᠂ ᠡᠷᠲᠡ ᠦᠢᠯᠡᠳᠪᠦᠷᠢᠯᠡᠯ ᠢᠶᠠᠨ ᠪᠡᠶᠡᠯᠡᠭᠦᠯᠬᠦ᠂ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ