ᠥᠪᠡᠷᠲᠡᠭᠡᠨ ᠵᠠᠰᠠᠬᠤ ᠣᠷᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢᠶᠠᠷ ᠨᠡᠷᠡᠶᠢᠳᠭᠦ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/23
            ᠰᠢᠯᠢᠳᠡᠭ ᠵᠢᠱᠢᠶᠡᠴᠢ ᠺᠠᠳ᠋ᠷ ᠢ ᠶᠡᠭᠡ ᠪᠠᠷ ᠬᠥᠬᠢᠭᠦᠯᠦᠨ ᠰᠠᠶᠢᠰᠢᠶᠠᠵᠤ ᠲᠤᠭ ᠲᠡᠮᠳᠡᠭ ᠲᠣᠳᠣᠷᠬᠠᠢ ᠪᠠᠷ ᠬᠠᠷᠢᠭᠤᠴᠠᠯᠭ᠎ᠠ            ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠤᠳᠤᠷᠢᠳᠤᠮᠵᠢ ᠶᠢ ᠪᠤᠢ ᠪᠤᠯᠭᠠᠬᠤ ᠬᠡᠷᠡᠭᠲᠡᠢ                 ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠢ ᠡᠷᠭᠢᠯᠡᠵᠠᠢ      9 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢᠶᠠᠷ ᠨᠡᠷᠡᠶᠢᠳᠭᠦ ᠶᠡᠭᠡ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠪᠡ᠃9 ᠰᠠᠷ᠎ᠠ ᠶᠢᠨ 22 ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢᠶᠠᠷ ᠨᠡᠷᠡᠶᠢᠳᠭᠦ ᠶᠡᠭᠡ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ᠃ ᠶᠤᠸᠠᠨ ᠶᠦᠩ ᠬᠤᠩ ᠰᠡᠭᠦᠳᠡᠷᠯᠡᠪᠡ9 ᠰᠠᠷ᠎ᠠ ᠶᠢᠨ 22 ᠤᠨ ᠦᠳᠡ ᠶᠢᠨ ᠡᠮᠦᠨ᠎ᠡ᠂ ᠶᠡᠭᠡ ᠬᠤᠷᠠᠯ ᠳᠤ ᠤᠷᠤᠯᠴᠠᠬᠰᠠᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠤᠨ ᠲᠥᠯᠥᠭᠡᠯᠡᠭᠴᠢᠳ ᠲᠤ ᠱᠠᠩᠨᠠᠯ ᠤᠨ ᠲᠡᠮᠳᠡᠭ ᠪᠠ ᠦᠨᠡᠮᠯᠡᠯ ᠣᠯᠭᠤᠪᠠ᠃ ᠠᠨ ᠶᠢᠨ ᠳ᠋ᠦᠩ ᠰᠡᠭᠦᠳᠡᠷᠯᠡᠪᠡ      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢᠶᠠᠷ ᠨᠡᠷᠡᠶᠢᠳᠦᠭᠰᠡᠨ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ ᠢ ᠤᠩᠰᠢᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠤᠨ ᠲᠥᠯᠥᠭᠡᠯᠡᠭᠴᠢᠳ ᠲᠤ ᠱᠠᠩᠨᠠᠯ ᠤᠨ ᠲᠡᠮᠳᠡᠭ ᠪᠠ ᠦᠨᠡᠮᠯᠡᠯ ᠭᠠᠷᠳᠠᠭᠤᠯᠪᠠ᠃ ᠰᠦ᠋ ᠰᠢᠨ ᠶᠠ᠂ ᠵᠢᠢ ᠸᠧᠨ ᠮᠢᠩ᠂ ᠭᠦᠸᠧ ᠵᠠᠨ ᠵᠢᠶᠠᠩ᠂ ᠰᠢᠦᠢ ᠰᠢᠤᠸᠠᠢ ᠯᠢᠶᠠᠨ᠂ ᠵᠠᠩ ᠱᠤᠤ ᠬᠤᠸᠠ ᠵᠡᠷᠭᠡ 5 ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃      ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢ ᠲᠥᠯᠥᠭᠡᠯᠡᠨ ᠨᠡᠷᠡᠶᠢᠳᠦᠭᠳᠡᠭᠰᠡᠨ ᠨᠥᠬᠦᠳ ᠲᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠳᠡᠳᠡᠨ ᠢ ᠢᠷᠠᠭᠤ ᠠᠯᠳᠠᠷ ᠢᠶᠠᠨ ᠨᠠᠨᠳᠢᠩᠨᠠᠵᠤ᠂ ᠳᠠᠭᠢᠨ ᠰᠢᠨ᠎ᠡ ᠭᠠᠪᠢᠶ᠎ᠠ ᠪᠠᠶᠢᠭᠤᠯᠵᠤ᠂︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠭᠡᠬᠦ ᠨᠡᠷᠡᠶᠢᠳᠦᠯ ᠳᠡᠭᠡᠨ ᠬᠡᠵᠢᠶᠡᠳᠡ ᠣᠰᠣᠯᠳᠠᠬᠤ ᠦᠭᠡᠢ ᠪᠠᠶᠢᠭᠠᠷᠠᠢ ᠭᠡᠵᠦ ᠵᠣᠷᠢᠭᠵᠢᠭᠤᠯᠪᠠ᠃ ᠲᠡᠷᠡ ᠪᠦᠭᠦ ᠣᠷᠣᠨ ᠤ ᠥᠷᠭᠡᠨ ᠣᠯᠠᠨ ᠺᠠᠳ᠋ᠷ ᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ ᠠᠴᠠ ᠲᠠᠭᠠᠨ ᠰᠤᠷᠤᠯᠴᠠᠵᠤ᠂ ᠲᠡᠷᠢᠭᠦᠨ ᠤ ᠬᠢ ᠪᠠᠷ ᠪᠠᠷᠢᠮᠵᠢᠶᠠᠯᠠᠨ᠂ ᠲᠡᠷᠢᠭᠦᠨ ᠤ ᠬᠢ ᠪᠤᠯᠬᠤ ᠪᠠᠷ ᠴᠢᠷᠮᠠᠶᠢᠵᠤ᠂ ᠪᠦᠭᠦ ᠲᠠᠯ᠎ᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠰᠢᠨ᠎ᠡ ᠡᠭᠦᠷᠭᠡᠯᠡᠯ ᠢᠶᠠᠨ ᠢᠯᠡᠷᠡᠭᠦᠯᠵᠦ᠂ ᠰᠢᠨ᠎ᠡ ᠬᠤᠪᠢ ᠨᠡᠮᠡᠷᠢ ᠦᠵᠡᠭᠦᠯᠲᠦᠭᠡᠢ ᠭᠡᠵᠦ ᠤᠷᠢᠶᠠᠯᠠᠪᠠ᠃      ᠰᠦᠨ ᠱᠤᠤ ᠴᠧᠩ᠂ ᠤᠳᠤ ᠮᠠᠨ ᠤ ᠤᠯᠤᠰ ᠨᠢᠭᠡᠨᠲᠡ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠥᠪᠥᠷ ᠮᠣᠩᠭᠤᠯ  ᠳᠤ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠲᠠᠪᠤᠨ ᠶᠡᠭᠡ ᠡᠭᠦᠷᠭᠡ ᠪᠠᠶᠢᠷᠢᠯᠠᠭᠤᠯᠤᠨ᠂ ᠮᠠᠨ ᠤ ᠣᠷᠣᠨ ᠤ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠬᠥᠭᠵᠢᠯᠲᠡ ᠪᠠᠨ ᠲᠦᠷᠭᠡᠳᠬᠡᠬᠦ ᠬᠦᠰᠡᠯ ᠡᠷᠡᠮᠡᠯᠵᠡᠯ ᠴᠢᠩᠭ᠎ᠠ ᠪᠠᠶᠢᠨ᠎ᠠ᠂ ᠪᠢᠳᠡᠨ ᠳᠤ ᠲᠡᠭᠷᠢ ᠶᠢᠨ ᠴᠠᠭ᠂ ᠭᠠᠵᠠᠷ ᠤᠨ ᠬᠡᠰᠢᠭ᠂ ᠬᠥᠮᠥᠨ ᠤ ᠰᠡᠳᠬᠢᠯ ᠨᠢᠭᠡᠨᠲᠡ ᠪᠦᠷᠢᠯᠳᠦᠪᠡ᠂ ᠶᠡᠷᠦᠩᠬᠡᠢ ᠱᠦᠵᠢ ᠶᠢᠨ ᠱᠠᠭᠠᠷᠳᠠᠯᠭ᠎ᠠ ᠶᠣᠰᠣᠭᠠᠷ ᠬᠠᠨᠴᠤᠢ ᠰᠢᠮᠠᠯᠠᠨ ᠴᠢᠷᠮᠠᠶᠢᠨ ᠠᠵᠢᠯᠯᠠᠳᠠᠭ ᠯᠠ ᠶᠤᠮ ᠪᠣᠯ ᠥᠪᠥᠷ ᠮᠣᠩᠭᠤᠯ ᠤᠨ ᠢᠷᠡᠭᠡᠳᠦᠢ ᠯᠠᠪᠲᠠᠢ ᠨᠡᠩ ᠰᠠᠶᠢᠨ ᠰᠠᠶᠢᠬᠠᠨ ᠪᠤᠯᠬᠤ ᠶᠤᠮ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾  ᠢ ᠨᠡᠷᠡᠶᠢᠳᠦᠭᠰᠡᠨ ᠤ ᠵᠣᠷᠢᠯᠭ᠎ᠠ ᠪᠣᠯ ᠳᠠᠷᠤᠢ ᠲᠤᠭ ᠲᠡᠮᠳᠡᠭ ᠲᠣᠳᠣᠷᠬᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠤᠳᠤᠷᠢᠳᠤᠮᠵᠢ ᠶᠢ ᠪᠤᠶ ᠪᠤᠯᠭᠠᠵᠤ᠂ ᠪᠦᠭᠦ ᠣᠷᠣᠨ ᠳᠠᠶᠠᠭᠠᠷ ᠲᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠶ ᠪᠤᠯᠭᠠᠵᠤ᠂ ᠡᠯ᠎ᠡ ᠱᠠᠲᠤᠨ ᠤ ᠺᠠᠳ᠋ᠷ ᠤᠨ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ︽ᠬᠦᠴᠢᠷ ᠠᠴᠠ ᠠᠶᠤᠬᠤ ᠦᠭᠡᠢ᠂ ᠴᠤᠴᠠᠯᠲᠠ ᠦᠭᠡᠢ ᠤᠷᠤᠭᠰᠢᠯᠠᠵᠤ᠂ ᠵᠣᠷᠢᠭᠰᠠᠨ ᠳᠠᠭᠠᠨ ᠵᠠᠪᠠᠯ ᠬᠦᠷᠬᠦ︾ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠶᠠᠪᠤᠳᠠᠯ ᠪᠣᠯᠣᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠵᠣᠷᠢᠭᠲᠠᠢ ᠪᠠᠷ ᠠᠵᠢᠯᠯᠠᠵᠤ ᠪᠣᠳᠠᠲᠠᠢ ᠠᠵᠢᠯᠯᠠᠬᠤ ᠺᠠᠳ᠋ᠷ ᠢ ᠶᠡᠭᠡ ᠪᠠᠷ ᠳᠡᠪᠰᠢᠭᠦᠯᠦᠨ ᠬᠡᠷᠡᠭᠯᠡᠵᠦ᠂ ᠰᠣᠩᠭᠤᠨ ᠰᠢᠯᠭᠠᠷᠠᠭᠤᠯᠵᠤ ᠨᠡᠷᠡᠶᠢᠳᠦᠭᠰᠡᠨ ᠪᠥᠭᠡᠳ ᠨᠥᠬᠦᠴᠡᠯ ᠳᠤ ᠨᠡᠶᠢᠴᠡᠭᠰᠡᠨ ᠺᠠᠳ᠋ᠷ ᠢ ᠴᠠᠭ ᠲᠤᠬᠠᠢ ᠳᠤᠨᠢ ᠳᠡᠪᠰᠢᠭᠦᠯᠦᠨ ᠬᠦᠨᠳᠦ ᠪᠠᠷ ᠬᠡᠷᠡᠭᠯᠡᠵᠦ᠂ ᠳᠠᠷᠤᠭ᠎ᠠ ᠪᠤᠯᠬᠤ ᠳᠠᠭᠠᠨ ᠤᠷᠢᠳ ᠢᠶᠠᠷ ᠠᠵᠢᠯ ᠶᠠᠪᠤᠳᠠᠯ ᠬᠢᠵᠦ᠂ ᠲᠤᠰᠢᠶᠠᠯ ᠳᠤ ᠳᠡᠪᠰᠢᠭᠦ ᠳᠡᠭᠡᠨ ᠤᠷᠢᠳ ᠢᠶᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠭᠡᠳᠡᠭ ᠢ ᠣᠯᠠᠨ ᠳᠤ ᠮᠡᠳᠡᠭᠦᠯᠭᠦ ᠬᠡᠷᠡᠭᠲᠡᠢ᠃ ᠬᠥᠮᠥᠨ ᠪᠠ ᠤᠴᠢᠷ ᠶᠠᠪᠤᠳᠠᠯ ᠢ ᠦᠵᠡᠵᠦ ᠪᠠᠶᠢᠭᠠᠳ ᠠᠯᠳᠠᠭ᠎ᠠ ᠪᠤᠷᠤᠭᠤ ᠶᠢ ᠠᠭᠤᠴᠢᠯᠠᠬᠤ ᠪᠠ ᠵᠠᠯᠠᠷᠠᠭᠤᠯᠬᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠺᠠᠳ᠋ᠷ ᠤᠨ ᠠᠵᠢᠯ ᠤᠨ ᠳᠤᠮᠳᠠ ᠭᠠᠷᠤᠭᠰᠠᠨ ᠠᠯᠳᠠᠭ᠎ᠠ ᠳᠤ᠂ ᠤᠳᠤᠷᠢᠳᠤᠯᠭ᠎ᠠ ᠪᠠ ᠺᠠᠳ᠋ᠷ ᠢ ᠬᠠᠮᠢᠶᠠᠷᠬᠤ ᠰᠠᠯᠠᠭ᠎ᠠ ᠮᠥᠴᠢᠷ ᠡᠩ ᠲᠡᠷᠢᠭᠦᠨ ᠳᠤ ᠵᠣᠷᠢᠭᠲᠠᠢ ᠡᠭᠦᠷᠭᠡᠯᠡᠵᠦ ᠵᠣᠷᠢᠭᠲᠠᠢ ᠬᠠᠷᠢᠭᠤᠴᠠᠵᠤ᠂ ᠪᠠᠭᠲᠠᠭᠠᠪᠠᠯ ᠵᠣᠬᠢᠬᠤ ᠶᠢ ᠨᠢ ᠵᠠᠪᠠᠯ ᠪᠠᠭᠲᠠᠭᠠᠵᠤ᠂ ᠠᠭᠤᠴᠢᠯᠠᠵᠤ ᠪᠤᠯᠬᠤ ᠶᠢ ᠨᠢ ᠪᠦᠭᠦᠨ ᠢ ᠠᠭᠤᠴᠢᠯᠠᠬᠤ ᠬᠡᠷᠡᠭᠲᠡᠢ᠃ ᠰᠠᠶᠢᠨ ᠬᠢᠭᠰᠡᠨ ᠢ ᠨᠢ ᠲᠠᠪᠰᠢᠭᠦᠯᠭᠦ ᠪᠠᠷ ᠤᠳᠤᠷᠢᠳᠤᠮᠵᠢ ᠪᠤᠯᠭᠠᠵᠤ᠂ ᠪᠠᠷᠤᠭᠲᠠᠢ ᠬᠢᠭᠰᠡᠨ ᠢ ᠨᠢ ᠪᠠᠭᠤᠯᠭᠠᠬᠤ ᠪᠠᠷ ᠤᠳᠤᠷᠢᠳᠤᠮᠵᠢ ᠪᠤᠯᠭᠠᠵᠤ᠂ ᠲᠥᠪ ᠤᠨ ᠨᠡᠶᠢᠲᠡᠯᠡᠭᠰᠡᠨ ᠤᠳᠤᠷᠢᠳᠬᠤ ᠺᠠᠳ᠋ᠷ ᠤᠨ ᠳᠡᠪᠰᠢᠭᠦᠯᠵᠦ ᠪᠤᠯᠬᠤ ᠮᠥᠷᠲᠡᠭᠡᠨ ᠪᠠᠭᠤᠯᠭᠠᠵᠤ ᠪᠤᠯᠬᠤ ᠶᠢ ᠠᠬᠢᠭᠤᠯᠬᠤ ᠬᠤᠯᠪᠣᠭᠳᠠᠯ ᠪᠦᠬᠦᠢ ᠲᠣᠭᠲᠠᠭᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠬᠦ ᠦᠭᠡᠢ ᠵᠢᠳᠬᠦᠯ ᠴᠢᠷᠮᠠᠶᠢᠯᠭ᠎ᠠ ᠭᠠᠷᠭᠠᠬᠤ ᠦᠭᠡᠢ ᠺᠠᠳ᠋ᠷ ᠢ︽ᠣᠷᠣ ᠰᠤᠯᠠᠯᠠᠭᠤᠯᠬᠤ︾ᠬᠡᠷᠡᠭᠲᠡᠢ᠃ ᠵᠣᠷᠢᠭ ᠰᠢᠭᠤᠳᠤᠨ ︽ᠰᠤᠳᠤᠷ ᠤᠨ ᠠᠭᠤᠯᠠ︾ ᠶᠢ ᠱᠤᠯᠤᠵᠤ᠂ ︽ᠬᠤᠷᠠᠯ ᠤᠨ ᠳᠠᠯᠠᠢ︾ ᠶᠢ ᠪᠠᠭᠠᠰᠬᠠᠵᠤ᠂ ᠬᠡᠯᠪᠡᠷᠢᠴᠢ ᠦᠵᠡᠯ ᠢ ᠦᠨᠡᠨ ᠬᠦ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠡᠯ᠎ᠡ ᠱᠠᠲᠤᠨ ᠤ ᠺᠠᠳ᠋ᠷ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠭᠦᠢᠴᠡᠳ ᠴᠠᠭ ᠲᠠᠢ ᠪᠤᠯᠭᠠᠬᠤ ᠬᠡᠷᠡᠭᠲᠡᠢ᠃ ᠨᠥᠬᠦᠳ ᠢᠶᠠᠨ ᠬᠠᠯᠠᠮᠵᠢᠯᠠᠨ ᠬᠠᠶᠢᠷᠠᠯᠠᠬᠤ ᠪᠣᠯ ᠮᠠᠨ ᠤ ᠨᠠᠮ ᠤᠨ ᠰᠢᠯᠢᠳᠡᠭ ᠤᠯᠠᠮᠵᠢᠯᠠᠯ ᠮᠥᠨ᠂ ᠬᠡᠪ ᠤᠨ ᠨᠥᠬᠦᠳ ᠤᠨ ᠬᠠᠷᠢᠴᠠᠭ᠎ᠠ ᠮᠠᠰᠢ ᠴᠢᠬᠤᠯᠠ ᠶᠤᠮ᠂ ᠵᠣᠬᠢᠶᠠᠨ ᠪᠠᠶᠢᠭᠤᠯᠤᠯᠲᠠ ᠠᠴᠠ ᠺᠠᠳ᠋ᠷ ᠢ ᠢᠯᠡᠭᠦᠬᠡᠨ ᠬᠠᠯᠠᠮᠵᠢᠯᠠᠵᠤ ᠢᠯᠡᠭᠦᠬᠡᠨ ᠣᠶᠢᠯᠠᠭᠠᠵᠤ᠂ ᠨᠥᠬᠦᠳ ᠤᠨ ᠬᠤᠭᠤᠷᠣᠨᠳᠤ᠂ ᠬᠠᠮᠲᠤ ᠠᠵᠢᠯᠯᠠᠭᠰᠠᠳ ᠤᠨ ᠬᠤᠭᠤᠷᠣᠨᠳᠤ ᠪᠠᠨ ᠴᠤ ᠬᠠᠷᠢᠯᠴᠠᠨ ᠬᠠᠯᠠᠮᠵᠢᠯᠠᠨ ᠬᠠᠶᠢᠷᠠᠯᠠᠬᠤ ᠬᠡᠷᠡᠭᠲᠡᠢ ᠭᠡᠵᠦ ᠬᠡᠯᠡᠪᠡ᠃      ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢ ᠲᠥᠯᠥᠭᠡᠯᠡᠨ ᠪᠦᠭᠦ ᠣᠷᠣᠨ ᠤ ᠥᠷᠭᠡᠨ ᠤᠯᠠᠨ ᠺᠠᠳ᠋ᠷ ᠣᠨᠴᠠᠭᠠᠶᠢᠯᠠᠨ ᠡᠯ᠎ᠡ ᠱᠠᠲᠤᠨ ᠤ ᠤᠳᠤᠷᠢᠳᠬᠤ ᠺᠠᠳ᠋ᠷ ᠲᠤ ᠱᠠᠭᠠᠷᠳᠠᠯᠭ᠎ᠠ ᠳᠤᠷᠠᠳᠴᠠᠢ᠃ ᠨᠢᠭᠡ ᠳᠤ᠂ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠪᠠᠴᠢᠮ ᠲᠤᠯᠭᠠᠮ ᠰᠡᠳᠬᠢᠯᠭᠡ ᠲᠠᠢ ᠪᠠᠶᠢᠵᠤ᠂ ᠲᠣᠭᠲᠠᠭᠰᠠᠨ ᠶᠠᠪᠤᠳᠠᠯ ᠢᠶᠠᠨ ᠵᠠᠪᠠᠯ ᠬᠢᠬᠦ ᠮᠥᠷᠲᠡᠭᠡᠨ ᠴᠠᠭ ᠮᠥᠴᠡ ᠶᠢ ᠠᠮᠵᠢᠨ ᠬᠢᠵᠦ᠂ ᠶᠠᠭᠠᠬᠢᠭᠰᠠᠨ ᠴᠤ ᠤᠳᠠᠭᠠᠰᠢᠷᠠᠭᠤᠯᠵᠤ᠂ ᠠᠯᠭᠤᠷᠯᠠᠵᠤ ᠪᠤᠯᠬᠤ ᠦᠭᠡᠢ᠃  ᠬᠤᠶᠠᠷ ᠲᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠬᠤ ᠬᠦᠴᠦᠯᠡᠴᠡ ᠪᠠᠷ ᠦᠨᠡᠨ ᠪᠣᠳᠠᠲᠠᠢ ᠪᠠᠷ ᠠᠵᠢᠯ ᠶᠠᠪᠤᠳᠠᠯ ᠬᠢᠵᠦ᠂ ᠶᠡᠭᠡ ᠦᠭᠡ ᠭᠡᠯᠡᠭᠦ ᠦᠭᠡᠢ᠂ ᠬᠤᠭᠤᠰᠤᠨ ᠣᠪᠣᠷ ᠢᠶᠠᠨ ᠢᠯᠡᠳᠬᠡᠬᠦ ᠦᠭᠡᠢ᠂ ᠬᠤᠳᠠᠯ ᠬᠠᠭᠤᠷᠮᠠᠭ ᠶᠠᠭᠤᠮ᠎ᠠ ᠬᠢᠬᠦ ᠦᠭᠡᠢ᠂ ᠴᠢᠳᠠᠪᠤᠷᠢ ᠪᠠ ᠲᠦᠪᠰᠢᠨ ᠢᠶᠠᠨ ᠦᠨᠡᠨ ᠬᠦ ᠠᠵᠢᠯ ᠬᠢᠬᠦ᠂ ᠠᠵᠢᠯ ᠶᠠᠪᠤᠳᠠᠯ ᠪᠦᠲᠦᠭᠡᠬᠦ ᠳᠡᠭᠡᠷ᠎ᠡ ᠢᠯᠡᠷᠡᠭᠦᠯᠭᠦ ᠬᠡᠷᠡᠭᠲᠡᠢ᠃ ᠭᠤᠷᠪᠠ ᠳᠤ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠬᠤ ᠰᠥᠰᠥ ᠵᠣᠷᠢᠭ ᠲᠠᠢ ᠪᠠᠶᠢᠵᠤ᠂ ᠬᠦᠴᠢᠷ ᠪᠡᠷᠬᠡᠰᠢᠶᠡᠯ᠂ ᠠᠰᠠᠭᠤᠳᠠᠯ ᠪᠣᠯᠣᠨ ᠵᠥᠷᠢᠴᠡᠯ ᠤᠨ ᠡᠮᠦᠨ᠎ᠡ ᠥᠪᠡᠷ ᠤᠨ ᠠᠵᠢᠯ ᠤᠨ ᠪᠠᠶᠢᠷᠢ ᠪᠠᠨ ᠰᠠᠶᠢᠲᠤᠷ ᠰᠠᠬᠢᠵᠤ᠂ ᠥᠪᠡᠷ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠢ ᠬᠡᠳᠦᠢ ᠬᠦᠴᠢᠷ ᠪᠠᠶᠢᠭᠰᠠᠨ ᠴᠤ ᠴᠢᠷᠮᠠᠶᠢᠨ ᠰᠢᠢᠳᠪᠦᠷᠢᠯᠡᠵᠦ᠂ ᠶᠠᠭᠠᠬᠢᠭᠰᠠᠨ ᠴᠤ ᠠᠶᠤᠵᠤ ᠲᠠᠲᠠᠭᠠᠯᠵᠠᠵᠤ᠂ ᠨᠢᠭᠤᠷ ᠬᠠᠶᠠᠵᠤ ᠨᠠᠶᠢᠷ ᠲᠠᠯᠪᠢᠵᠤ ᠪᠤᠯᠬᠤ ᠦᠭᠡᠢ᠃      ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠵᠠᠢ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ