ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠵᠢᠴᠢ ᠤᠷᠢᠳ ᠬᠤᠵᠢᠳ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/9/26
      9 ᠰᠠᠷ᠎ᠠ ᠶᠢᠨ 21 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠪᠠ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠯ᠎ᠡ ᠰᠠᠯᠠᠭ᠎ᠠ ᠮᠥᠴᠢᠷ ᠤᠨ ᠬᠢᠨ ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠳᠤᠭᠤᠶᠢᠯᠠᠩ ᠪᠠᠶᠢᠭᠤᠯᠵᠤ᠂ ᠮᠠᠨ ᠤ ᠰᠢᠶᠠᠨ ᠤ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ᠂ ᠬᠤᠪᠢ ᠶᠢᠨ ᠡᠮᠴᠢᠯᠡᠭᠡᠨ ᠤ ᠭᠠᠵᠠᠷ᠂ ᠪᠥᠭᠡᠮ ᠬᠦᠴᠢᠯ ᠤᠨ ᠦᠯᠢᠭᠡᠷ ᠠᠪᠬᠤ ᠭᠠᠵᠠᠷ᠂ ᠬᠡᠰᠡᠭ ᠰᠤᠷᠭᠠᠭᠤᠯᠢ ᠪᠣᠯᠤᠨ ᠬᠡᠦᠬᠡᠳ ᠤᠨ ᠴᠡᠴᠡᠷᠯᠢᠭ ᠵᠡᠷᠭᠡ ᠭᠠᠵᠠᠷ ᠲᠤ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠤᠨ᠎ᠠ᠃      ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠶᠢ ᠨᠡᠶᠢᠳᠡ ᠭᠤᠷᠪᠠᠨ ᠳᠤᠭᠤᠶᠢᠯᠠᠩ ᠬᠤᠪᠢᠶᠠᠨ ᠶᠠᠪᠤᠭᠳᠠᠭᠤᠯᠵᠤ᠂ ᠲᠤᠬᠠᠢ ᠶᠢᠨ ᠲᠠᠯᠠᠪᠠᠢ ᠳᠤ ᠰᠢᠮᠳᠠᠭᠤᠯᠤᠨ ᠪᠠᠶᠢᠴᠠᠭᠠᠬᠤ᠂ ᠸᠢᠳᠢᠣ᠋ ᠰᠢᠯᠵᠢᠭᠦᠯᠦᠨ ᠤᠩᠰᠢᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠰᠣᠯᠢᠯᠴᠠᠨ ᠵᠢᠯᠣᠭᠤᠳᠬᠤ ᠵᠡᠷᠭᠡ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠨᠢᠭᠤᠷ︶︾ ᠂ ︽2022 ᠣᠨ ᠤ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠵᠢᠴᠢ ᠡᠮᠦᠨ᠎ᠡ ᠬᠤᠶᠢᠨᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ︾ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠ ᠡᠷᠭᠢᠵᠦ ᠬᠠᠷᠠᠨ᠎ᠠ᠃ ᠭᠤᠣᠯᠳᠠᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ᠂ ᠰᠡᠷᠭᠡᠶᠢᠯᠡᠨ ᠡᠵᠡᠮᠳᠡᠬᠦ ᠡᠬᠢ ᠪᠠᠶᠠᠯᠢᠭ ᠤᠨ ᠪᠡᠯᠡᠳᠬᠡᠯ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠤᠨ ᠡᠬᠡ ᠳᠠᠩᠰᠠ᠂ ᠣᠷᠣᠵᠤ ᠭᠠᠷᠬᠤ ᠬᠠᠮᠢᠶᠠᠷᠤᠯᠲᠠ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠪᠣᠯᠪᠠᠰᠤᠷᠠᠯ ᠰᠣᠷᠢᠯᠲᠠ᠂ ᠤᠬᠠᠭᠤᠯᠭ᠎ᠠ ᠬᠥᠮᠦᠵᠢᠯ᠂ ᠲᠥᠪᠯᠡᠷᠡᠭᠦᠯᠦᠨ ᠲᠤᠰᠠᠭᠠᠷᠯᠠᠬᠤ ᠪᠠᠭᠤᠳᠠᠯ᠂ ᠠᠶᠤᠯᠭᠦᠢ ᠦᠢᠯᠡᠳᠪᠦᠷᠢᠯᠡᠯ᠂ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠵᠢᠴᠢ ᠡᠮᠨᠡᠯᠭᠡ ᠶᠢᠨ ᠬᠤᠷᠢᠶᠠᠨ ᠤ ᠰᠡᠷᠡᠯ ᠢ ᠰᠡᠷᠭᠡᠶᠢᠯᠡᠨ ᠡᠵᠡᠮᠳᠡᠬᠦ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠪᠥᠭᠡᠮ ᠬᠦᠴᠢᠯ ᠢ ᠴᠤᠭᠯᠠᠭᠤᠯᠬᠤ ᠵᠡᠷᠭᠡ ᠠᠵᠢᠯ ᠢ ᠪᠦᠬᠦ ᠲᠠᠯ᠎ᠠ ᠪᠠᠷ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠴᠣ᠂ ᠲᠡᠷᠡᠴᠢᠯᠡᠨ ᠴᠡᠭᠴᠡᠯᠡᠨ ᠥᠭᠡᠷᠡᠴᠢᠯᠡᠬᠦ ᠮᠡᠳᠡᠭᠳᠡᠯ ᠤᠨ ᠪᠢᠴᠢᠭ ᠪᠠᠭᠤᠯᠭᠠᠪᠠ᠃      ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠪᠠᠷ ᠳᠠᠮᠵᠢᠭᠤᠯᠤᠨ᠂ ᠡᠯ᠎ᠡ ᠪᠠᠶᠢᠭᠤᠯᠤᠮᠵᠢ ᠶᠢᠨ ᠰᠡᠷᠭᠡᠶᠢᠯᠡᠬᠦ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ᠡᠷᠲᠡ ᠢᠯᠡᠷᠡᠭᠦᠯᠬᠦ᠂ ᠲᠦᠷᠭᠡᠨ ᠰᠢᠢᠳᠪᠦᠷᠢᠯᠡᠬᠦ᠂ ᠭᠠᠳᠠᠭᠰᠢ ᠯᠡᠪᠡᠷᠡᠬᠦ ᠶᠢ ᠰᠡᠷᠭᠡᠶᠢᠯᠡᠬᠦ ᠶᠢ ᠪᠡᠶᠡᠯᠡᠭᠦᠯᠵᠦ᠂ ᠪᠥᠬᠦ ᠰᠢᠶᠠᠨ ᠤ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠵᠢᠴᠢ ᠤᠷᠢᠳ ᠬᠤᠵᠢᠳ ᠬᠡᠪᠴᠢᠶᠡᠲᠦ ᠬᠢᠵᠢᠭ ᠤᠨ ᠪᠠᠶᠢᠳᠠᠯ ᠥᠯᠥ ᠡᠭᠦᠰᠬᠦ ᠬᠢᠵᠠᠭᠠᠷ ᠱᠤᠭᠤᠮ ᠢ ᠪᠠᠲᠤ ᠰᠠᠬᠢᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ