ᠯᠢ ᠯᠢᠦ ᠰᠢᠶᠤᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠰᠢᠶᠠᠨ ᠤ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠤᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠪᠠ
ᠨᠡᠶᠢᠲᠡᠯᠡᠭᠰᠡᠨ ᠴᠠᠭ᠄
2022/9/26
      9 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠰᠢᠶᠠᠨ ᠤ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠠᠵᠢᠯ ᠤᠨ ᠠᠬᠢᠴᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯ ᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠭᠰᠡᠨ ᠴᠢᠬᠤᠯᠠ ᠪᠠᠶᠢᠷᠢᠯᠠᠭᠤᠯᠤᠯᠲᠠ ᠪᠣᠯᠤᠨ᠎ᠠ᠂ ᠠᠵᠤ ᠠᠬᠤᠢ ᠶᠢᠨ ᠬᠦᠷᠢᠶᠡᠨ ᠳᠤ ᠤᠷᠳᠤ ᠬᠤᠭᠤᠴᠠᠭ᠎ᠠ ᠪᠠᠷ ᠣᠷᠣᠰᠢᠵᠤ ᠪᠠᠶᠢᠭᠰᠠᠨ ᠴᠢᠨᠠᠷ ᠮᠠᠭᠤ ᠦᠷ᠎ᠡ ᠠᠰᠢᠭ ᠢᠶᠠᠷ ᠳᠣᠣᠷ᠎ᠠ᠂ ᠰᠤᠯᠠ ᠲᠠᠯᠪᠢᠵᠤ ᠪᠦᠷᠢᠯᠭᠡᠨ ᠰᠦᠢᠳᠬᠡᠬᠦ ᠠᠰᠠᠭᠤᠳᠠᠯ ᠢ ᠰᠢᠢᠳᠪᠦᠷᠢᠯᠡᠬᠦ ᠰᠠᠶᠢᠨ ᠵᠣᠷ ᠪᠣᠯᠤᠨ᠎ᠠ᠃ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠲᠤᠰᠬᠠᠢ ᠠᠵᠢᠯᠯᠠᠭ᠎ᠠ ᠶᠢ ᠣᠳᠣᠬᠠᠨ ᠤ ᠠᠵᠢᠯ ᠤᠨ ᠢᠶᠠᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠦᠨᠡᠨᠬᠦ ᠶᠡᠭᠡ ᠲᠠᠯ᠎ᠠ ᠪᠠᠷ ᠦᠨᠳᠦᠰᠦᠨ ᠵᠦᠢᠯ ᠠᠴᠠ ᠡᠬᠢᠯᠡᠬᠦ ᠲᠤᠰᠬᠠᠢ ᠠᠵᠢᠯ ᠤᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠨ ᠲᠣᠳᠣᠷᠬᠠᠶᠢᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃      ᠬᠤᠷᠠᠯ ᠠᠴᠠ᠂ ︽ᠶᠠᠰᠤ ᠰᠢᠷᠪᠥᠰᠥ ᠶᠢ ᠭᠡᠮᠲᠦᠭᠡᠵᠦ ᠶᠠᠰᠤ ᠰᠢᠷᠪᠥᠰᠥ ᠶᠢ ᠨᠢ ᠬᠤᠪᠢᠷᠠᠭᠤᠯᠬᠤ︾ ᠵᠣᠷᠢᠭ ᠰᠠᠨᠠᠭ᠎ᠠ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠰᠥᠰᠥ ᠵᠣᠷᠢᠭ ᠪᠠ ᠬᠠᠳᠠᠨ ᠵᠣᠷᠢᠭ ᠢ ᠪᠠᠳᠠᠷᠠᠭᠤᠯᠵᠤ᠂ ᠵᠠᠷᠯᠢᠭ ᠢ ᠰᠣᠨᠣᠰᠤᠮᠠᠭᠴᠠ ᠬᠥᠳᠡᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠡᠬᠢ ᠪᠠᠶᠠᠯᠢᠭ ᠤᠨ ᠡᠯᠧᠮᠧᠨ᠋ᠲ ᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠬᠤ ᠬᠡᠷᠡᠭᠲᠡᠢ᠃ ︽ᠬᠦᠴᠢᠷ ᠪᠡᠷᠬᠡ ᠶᠢ ᠲᠠᠪᠠᠨ ᠤᠷᠤᠭᠰᠢᠯᠠᠬᠤ︾ ᠪᠠᠷ ︽ᠯᠠᠪᠳᠠᠭᠤᠨ ᠢᠶᠠᠷ ᠬᠤᠯᠠ ᠠᠶᠠᠯᠠᠬᠤ︾ ᠶᠢ ᠡᠷᠢᠯᠬᠢᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠯᠠᠮ ᠨᠢᠭᠡ ᠠᠯᠬᠤᠮ ᠲᠤᠪᠤᠶᠢᠯᠭᠠᠵᠦ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠢᠭᠡ ᠭᠤᠭᠴᠤᠭ᠎ᠠ ᠨᠢᠭᠡ ᠭᠤᠭᠴᠤᠭ᠎ᠠ ᠪᠠᠷ ᠰᠢᠯᠭᠠᠷᠠᠭᠤᠯᠵᠤ᠂ ᠨᠢᠭᠡ ᠲᠡᠰ ᠳᠠᠷᠠᠭᠠᠯᠠᠯ ᠨᠢᠭᠡ ᠲᠡᠰ ᠳᠠᠷᠠᠭᠠᠯᠠᠯ ᠢᠶᠠᠷ ᠳᠤᠲᠠᠭᠳᠠᠯ ᠢ ᠡᠷᠢᠵᠦ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠵᠦ᠂ ᠬᠡᠳᠦᠢ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ︽ᠬᠠᠷᠢᠭᠤᠴᠠᠯᠭ᠎ᠠ ᠡᠭᠦᠷᠭᠡᠯᠡᠬᠦ︾ ᠪᠠᠷ ︽ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ︾ ᠶᠢ ᠪᠠᠷᠢᠮᠲᠠᠯᠠᠵᠤ᠂ ᠤᠳᠤᠷᠢᠳᠤᠯᠭ᠎ᠠ ᠲᠦᠷᠦᠭᠦᠯᠡᠬᠦ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠬᠤ᠂ ᠱᠠᠳᠤ ᠱᠠᠳᠤ ᠪᠠᠷ ᠬᠠᠷᠢᠭᠤᠴᠠᠬᠤ᠂ ᠪᠦᠬᠦ ᠬᠦᠴᠦᠨ ᠢᠶᠠᠷ ᠠᠳᠬᠤᠬᠤ᠂ ᠪᠦᠬᠦ ᠲᠠᠯ᠎ᠠ ᠪᠠᠷ ᠠᠳᠬᠤᠬᠤ᠂ ᠪᠦᠬᠦ ᠶᠠᠪᠤᠴᠠ ᠪᠠᠷ ᠠᠳᠬᠤᠬᠤ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠪᠠᠶᠢᠳᠠᠯ ᠢ ᠣᠶᠢᠯᠠᠭᠠᠬᠤ ᠪᠠᠷ ᠴᠢᠩᠭ᠎ᠠ ᠬᠢᠵᠠᠭᠠᠷᠯᠠᠯ ᠪᠣᠯᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠬᠠᠲᠠᠭᠤ ᠡᠭᠦᠷᠭᠡ ᠪᠣᠯᠭᠠᠵᠤ᠂ ᠬᠢᠪᠡᠰᠦ ᠵᠣᠬᠢᠬᠤ ᠶᠢ ᠨᠢ ᠪᠦᠬᠦᠨ ᠢ ᠥᠭᠡᠷᠡᠴᠢᠯᠡᠬᠦ ᠶᠢ ᠦᠨᠡᠨᠬᠦ ᠪᠡᠶᠡᠯᠡᠭᠦᠯᠵᠦ᠂ ᠡᠯ᠎ᠡ ᠵᠦᠢᠯ ᠤᠨ ᠠᠵᠢᠯ ᠤᠨ ᠡᠷᠴᠢᠮ ᠢ ᠳᠠᠬᠢᠨ ᠴᠢᠩᠭᠠᠷᠠᠭᠤᠯᠵᠤ᠂ ᠠᠬᠢᠴᠠ ᠶᠢ ᠳᠠᠬᠢᠨ ᠲᠦᠷᠭᠡᠳᠬᠡᠵᠦ᠂ ᠶᠠᠰᠤ ᠴᠢᠨᠠᠷ ᠦᠷ᠎ᠡ ᠠᠰᠢᠭ ᠢ ᠳᠠᠬᠢᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢᠶᠠᠨ ᠤ ᠤᠳᠤᠷᠢᠳᠤᠯᠭ᠎ᠠ ᠭᠦᠸᠧ ᠸᠧᠨ ᠵᠢᠶᠦ᠋ᠨ᠂ ᠱᠧᠨ ᠰᠢᠶᠤᠤ ᠳ᠋ᠦᠩ᠂ ᠯᠢᠦᠶ ᠶᠣᠣ ᠯᠦᠩ᠂ ᠵᠤᠤ ᠵᠢᠶᠠᠨ ᠴᠢᠩ᠂ ᠳ᠋ᠦ᠋ ᠰᠢᠶᠤᠤ ᠭᠤᠸᠠᠩ᠂ ᡂᠢ ᠴᠧᠩ ᠬᠤ᠋᠂ ᠰᠦ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠬᠠᠮᠢᠶ᠎ᠠ ᠪᠦᠬᠦᠢ ᠨᠢᠭᠡᠴᠡ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠠᠵᠢᠯ ᠤᠨ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ