︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠨᠠᠮ ᠢᠶᠠᠨ ᠡᠭᠦᠷᠢᠳᠡ ᠳᠠᠭᠠᠨ᠎ᠠ︾ ᠶᠣᠰᠣ ᠰᠤᠷᠲᠠᠬᠤᠨ ᠤ ᠵᠢᠱᠢᠶᠡᠴᠢ ᠲᠣᠭᠤᠷᠢᠵᠤ ᠲᠠᠶᠢᠯᠤᠮᠵᠢ ᠬᠢᠬᠦ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠵᠡᠭᠦᠨ ᠵᠡᠭᠡᠯᠢ ᠭᠤᠳᠤᠮᠵᠢ ᠳᠤ ᠣᠷᠣᠪᠠ
ᠨᠡᠶᠢᠲᠡᠯᠡᠭᠰᠡᠨ ᠴᠠᠭ᠄
2022/9/26
      ︵ᠰᠤᠷᠪᠤᠯᠵᠢᠯᠠᠭᠴᠢ ᠸᠠᠩ ᠵᠦᠩ ᠵᠸᠦ︶ 9 ᠳ᠋ᠤᠭᠡᠷ ᠰᠠᠷ᠎ᠠ ᠶᠢᠨ 23 ᠤ ᠡᠳᠦᠷ᠂ ᠰᠢᠨ᠎ᠡ ᠬᠤᠳᠠ ᠲᠣᠭᠤᠷᠢᠭ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠰᠢᠨ᠎ᠡ ᠬᠤᠳᠠ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠰᠢᠨ᠎ᠡ ᠬᠤᠳᠠ ᠲᠣᠭᠤᠷᠢᠭ ᠤᠨ ᠵᠡᠭᠦᠨ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠡᠴᠠ‌ᠬᠠᠮᠳᠤᠷᠠᠨ ᠭᠤᠣᠯᠯᠠᠨ ᠡᠷᠬᠢᠯᠡᠭᠰᠡᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠡᠭᠦᠷᠢᠳᠡ ᠨᠠᠮ ᠢᠶᠠᠨ ᠳᠠᠭᠠᠨ᠎ᠠ︾ ᠶᠣᠰᠣ ᠰᠤᠷᠲᠠᠬᠤᠨ ᠤ ᠵᠢᠱᠢᠶᠡᠴᠢ ᠲᠣᠭᠤᠷᠢᠵᠤ ᠲᠠᠶᠢᠯᠤᠮᠵᠢ ᠬᠢᠬᠦ ᠵᠢᠴᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠰᠢᠨ᠎ᠡ ᠬᠤᠳᠠ ᠲᠣᠭᠤᠷᠢᠭ ᠤᠨ ᠵᠡᠭᠦᠨ ᠵᠡᠭᠡᠯᠢ ᠭᠤᠳᠤᠮᠵᠢ ᠳᠤ ᠣᠷᠣᠪᠠ᠃      ᠠᠵᠢᠯᠯᠠᠭ᠎ᠠ ᠨᠢ ᠬᠤᠲᠠ ᠶᠢᠨ ᠶᠣᠰᠣ  ᠰᠤᠷᠳᠠᠬᠤᠨ ᠤ ᠵᠢᠱᠢᠶᠡᠴᠢ  ᠰᠤᠷᠤᠶ᠎ᠠ ᠪᠠ ᠥᠪᠥᠷ ᠮᠣᠩᠭᠤᠯ ᠤᠨ ᠶᠣᠰᠣ ᠰᠤᠷᠲᠠᠬᠤᠨ ᠤ ᠵᠢᠱᠢᠶᠡᠴᠢ ᠶᠢᠨ ᠨᠡᠷ᠎ᠡ  ᠲᠤᠷᠠᠳᠤᠭᠳᠠᠭᠴᠢ ᠶᠢᠨ ᠱᠠᠩᠨᠠᠯ ᠬᠦᠷᠲᠡᠭᠴᠢ ᠸᠧᠢ ᠭᠠᠩ ᠢ ᠣᠨᠴᠠᠭᠠᠶᠢᠯᠠᠨ ᠤᠷᠢᠵᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠳᠤ ᠤᠬᠠᠭᠤᠯᠤᠨ  ᠲᠠᠶᠢᠯᠪᠤᠷᠢᠯᠠᠬᠤ ᠲᠠᠶᠢᠯᠤᠮᠵᠢ ᠬᠢᠯᠭᠡᠵᠡᠢ᠃ ᠬᠤᠶᠠᠷ ᠶᠣᠰᠣ ᠰᠤᠷᠲᠠᠬᠤᠨ ᠤ ᠵᠢᠱᠢᠶᠡᠴᠢ ᠪᠣᠷᠣᠭᠵᠢᠭᠤᠨ ᠦᠭᠡ ᠬᠡᠯᠡ ᠪᠠᠷ  ᠥᠪᠡᠷ ᠥᠪᠡᠷ ᠤᠨ ᠠᠵᠢᠯ ᠪᠠ ᠠᠮᠢᠳᠤᠷᠠᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠡᠳᠡᠨ ᠤ ᠠᠵᠢᠯ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠭᠰᠡᠨ᠂ ᠪᠤᠰᠤᠳ ᠢ ᠬᠠᠪᠰᠤᠷᠤᠭᠰᠠᠨ᠂ ᠨᠡᠶᠢᠭᠡᠮ ᠳᠤ ᠠᠴᠢ ᠬᠠᠷᠢᠭᠤᠯᠤᠭᠰᠠᠨ᠂ ᠪᠣᠯᠪᠠᠰᠤᠨ ᠢ  ᠤᠯᠠᠮᠵᠢᠯᠠᠭᠰᠠᠨ᠂ ᠢᠳᠡᠪᠬᠢ ᠬᠦᠴᠦᠨ ᠢ ᠪᠠᠳᠠᠷᠠᠭᠤᠯᠤᠭᠰᠠᠨ᠂ ᠦᠨᠳᠦᠰᠦᠲᠡᠨ ᠤ ᠪᠦᠯᠬᠦᠮᠳᠡᠯ ᠤᠨ ᠦᠢᠯᠡᠳᠦᠯᠭᠡᠵᠢᠭᠦᠯᠦᠭᠴᠢ ᠪᠣᠯᠤᠭᠰᠠᠨ ᠲᠡᠷᠢᠭᠦᠨ ᠤ ᠦᠢᠯᠡ ᠠᠵᠢᠯᠯᠠᠭ᠎ᠠ ᠪᠠᠨ ᠤᠯᠠᠨ ᠲᠠᠢ ᠬᠤᠪᠢᠶᠠᠯᠴᠠᠵᠠᠢ᠃ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠥᠷᠭᠡᠨ ᠤᠯᠠᠨ ᠺᠠᠳ᠋ᠷ ᠤᠯᠠᠨ ᠲᠦᠮᠡᠨ ᠤ ᠶᠣᠰᠣ ᠰᠤᠷᠲᠠᠬᠤᠨ ᠤ ᠵᠢᠱᠢᠶᠡᠴᠢ ᠠᠴᠠ ᠰᠤᠷᠤᠯᠴᠠᠵᠤ᠂ ᠡᠷᠬᠢᠮ ᠳᠡᠭᠡᠳᠦ ᠶᠣᠰᠣ ᠰᠤᠷᠲᠠᠬᠤᠨ ᠤ ᠦᠢᠯᠡᠳᠦᠯᠭᠡᠵᠢᠭᠦᠯᠦᠭᠴᠢ᠂ ᠪᠣᠯᠪᠠᠰᠤᠨ ᠬᠡᠪ ᠰᠤᠷᠲᠠᠯ ᠤᠨ ᠬᠠᠮᠠᠭᠠᠯᠠᠭᠴᠢ᠂ ᠰᠠᠶᠢᠨ ᠰᠠᠶᠢᠬᠠᠨ ᠠᠮᠢᠳᠤᠷᠠᠯ ᠤᠨ ᠡᠭᠦᠳᠦᠨ ᠪᠦᠲᠦᠭᠡᠭᠴᠢ  ᠪᠣᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠨᠦᠭᠦᠳ ᠤᠨ ᠪᠦᠯᠬᠦᠮᠳᠡᠯ ᠤᠨ ᠦᠢᠯᠡᠳᠦᠯᠭᠡᠵᠢᠭᠦᠯᠦᠭᠴᠢ᠂ ᠠᠬᠢᠭᠤᠯᠤᠭᠴᠢ᠂  ᠬᠠᠮᠠᠭᠠᠯᠠᠭᠴᠢ ᠪᠣᠯᠬᠤ ᠪᠠᠷ ᠴᠢᠷᠮᠠᠶᠢᠬᠤ  ᠶᠢ ᠤᠯᠠᠮ ᠴᠢᠨᠠᠭᠰᠢᠳᠠ ᠬᠥᠲᠥᠯᠥᠨ ᠵᠢᠯᠤᠭᠤᠳᠴᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ