ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2022 ᠣᠨ ᠤ ᠥᠪᠡᠷᠲᠡᠭᠡᠨ ᠵᠠᠰᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠲᠤᠰᠬᠠᠢ ᠪᠡᠯᠡ ᠮᠥᠩᠭᠦ ᠶᠢ 5205 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2022/9/26
      ︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠭᠡᠯᠡᠭᠴᠢ ᠸᠠᠩ ᠰᠢᠸ ᠵᠢᠤᠸᠠᠨ︶ ᠮᠠᠨ ᠤ ᠬᠤᠳᠠ ᠶᠢᠨ ᠰᠠᠭᠤᠷᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠪᠣᠯᠣᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 2022 ᠣᠨ ᠤ ᠥᠪᠡᠷᠲᠡᠭᠡᠨ ᠵᠠᠰᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠲᠤᠰᠬᠠᠢ ᠪᠡᠯᠡ ᠮᠥᠩᠭᠦ ᠶᠢ 5205 ᠲᠦᠮᠡᠨ ᠲᠥᠭᠦᠷᠢᠭ ᠪᠠᠭᠤᠯᠭᠠᠵᠤ᠂ ᠮᠠᠨ ᠤ ᠬᠤᠳᠠ ᠶᠢᠨ ᠰᠠᠭᠤᠷᠢ ᠰᠤᠷᠭᠠᠨ ᠬᠥᠮᠦᠵᠢᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠨ᠎ᠡ᠃      ᠡᠨᠡ ᠬᠦ ᠪᠡᠯᠡ ᠮᠥᠩᠭᠦ ᠶᠢ ᠪᠠᠭᠤᠯᠭᠠᠭᠰᠠᠨ ᠨᠢ ᠰᠤᠷᠭᠠᠨ ᠬᠥᠮᠦᠵᠢᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠡᠷᠡᠭᠴᠡᠭᠡ ᠶᠢ ᠦᠨᠡᠨᠬᠦ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ  ᠦᠵᠡᠭᠦᠯᠬᠦ ᠪᠣᠯᠤᠨ᠎ᠠ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠬᠤᠯᠪᠤᠭᠳᠠᠯ ᠪᠦᠬᠦᠢ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢ ᠪᠡᠯᠡ ᠮᠥᠩᠭᠦ ᠶᠢ ᠳᠠᠷᠤᠶᠢᠬᠠᠨ ᠰᠠᠯᠭᠠᠨ ᠥᠭᠴᠦ ᠪᠣᠳᠠᠲᠠᠶᠢᠵᠢᠭᠤᠯᠵᠤ᠂ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠂ ᠲᠤᠰᠬᠠᠢ ᠮᠦᠩᠭᠦ ᠶᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨᠬᠦ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠨᠣᠭᠤᠭᠠᠷᠠᠭᠤᠯᠤᠯᠲᠠ᠂ ᠭᠤᠶᠣᠵᠢᠭᠤᠯᠤᠯᠲᠠ ᠶᠢᠨ ᠢᠨᠵᠧᠨᠧᠷᠢᠩ ᠳᠤ ᠬᠡᠷᠡᠭᠯᠡᠵᠦ ᠪᠣᠯᠬᠤ ᠦᠭᠡᠢ᠂ ᠪᠡᠯᠡ ᠮᠦᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ