9 ᠳ᠋ᠤᠭᠡᠷ ᠰᠠᠷ᠎ᠠ ᠶᠢᠨ 25 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/26
      9 ᠳ᠋ᠤᠭᠡᠷ ᠰᠠᠷ᠎ᠠ ᠶᠢᠨ 25 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 1 ︵ᠪᠤᠭᠤᠲᠤ ᠬᠤᠲᠠ ᠶᠢᠨ ᠳ᠋ᠦᠩ ᠾᠧ ᠲᠣᠭᠤᠷᠢᠭ ᠲᠤ ᠪᠣᠢ︶ ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠲᠤ ᠪᠣᠢ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠪᠠᠶᠢᠵᠤ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ  ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ ᠳᠤ ᠪᠣᠢ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 40 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠤᠯᠠᠭᠠᠨᠬᠠᠳᠠ ᠬᠤᠲᠠ ᠳᠤ 39 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 10᠂ ᠣᠩᠨᠢᠭᠤᠳ ᠬᠤᠰᠢᠭᠤᠨ ᠳᠤ 28︶᠂ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ ᠪᠣᠢ︶ ᠪᠣᠢ᠂  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 56 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠤᠯᠠᠭᠠᠨᠬᠠᠳᠠ ᠬᠤᠲᠠ ᠳᠤ 50 ︵ᠰᠦᠩᠱᠠᠨ ᠲᠣᠭᠤᠷᠢᠭ ᠲᠤ 9᠂ ᠣᠩᠨᠢᠭᠤᠳ ᠬᠤᠰᠢᠭᠤᠨ ᠳᠤ 41 ᠪᠣᠢ︶᠂ ᠠᠯᠠᠱᠠ ᠠᠶᠢᠮᠠᠭ ᠲᠤ 6 ︵ᠡᠵᠡᠨ᠎ᠡ ᠬᠤᠰᠢᠭᠤᠨ ᠳᠤ 3᠂ ᠴᠡᠭᠡ ᠪᠣᠭᠤᠮᠲᠠ ᠳᠤ 3︶ ᠪᠣᠶ᠃      9 ᠳ᠋ᠤᠭᠡᠷ ᠰᠠᠷ᠎ᠠ ᠶᠢᠨ 25 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 159 ᠪᠣᠢ᠂ ᠡᠭᠦᠨ ᠳᠤ ᠪᠤᠭᠤᠲᠤ ᠬᠤᠲᠠ ᠳᠤ 1 ︵ᠳ᠋ᠦᠩ ᠾᠧ ᠲᠣᠭᠤᠷᠢᠭ ᠲᠤ ᠪᠣᠶ︶᠂ ᠬᠥᠯᠥᠨ ᠪᠤᠶᠢᠷ ᠬᠤᠲᠠ ᠳᠤ 3 ︵ᠴᠦᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 154 ︵ᠬᠤᠩᠱᠠᠨ ᠲᠣᠭᠤᠷᠢᠭ ᠲᠤ 3᠂ ᠰᠦᠩᠱᠠᠨ ᠲᠣᠭᠤᠷᠢᠭ ᠲᠤ 81᠂ ᠣᠩᠨᠢᠭᠤᠳ ᠬᠤᠰᠢᠭᠤᠨ ᠳᠤ 65᠂ ᠠᠷᠤ ᠬᠤᠷᠴᠢᠨ ᠬᠤᠰᠢᠭᠤᠨ ᠳᠤ 5︶᠂ ᠠᠯᠠᠱᠠ ᠠᠶᠢᠮᠠᠭ ᠲᠤ 1 ︵ᠡᠵᠡᠨ᠎ᠡ ᠬᠤᠰᠢᠭᠤᠨ ᠳᠤ ᠪᠣᠶ︶ ᠪᠣᠢ᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ149 ᠪᠣᠢ᠂ ᠡᠭᠦᠨ ᠳᠤ ᠤᠯᠠᠭᠠᠨᠬᠠᠳᠠ ᠬᠤᠲᠠ ᠳᠤ 143 ︵ᠬᠤᠩᠱᠠᠨ ᠲᠣᠭᠤᠷᠢᠭ ᠲᠤ 5᠂ ᠰᠦᠩᠱᠠᠨ ᠲᠣᠭᠤᠷᠢᠭ ᠲᠤ 58᠂ ᠣᠩᠨᠢᠭᠤᠳ ᠬᠤᠰᠢᠭᠤᠨ ᠳᠤ 80︶᠂ ᠪᠠᠶᠠᠨᠨᠠᠭᠤᠷ ᠬᠤᠲᠠ ᠳᠤ 4 ︵ᠴᠥᠮ ᠯᠢᠨ ᠡᠾᠧ ᠲᠣᠭᠤᠷᠢᠭ ᠲᠤ ᠪᠣᠶ︶᠂ ᠠᠯᠠᠱᠠ ᠠᠶᠢᠮᠠᠭ ᠲᠤ 2 ︵ᠴᠥᠮ ᠴᠡᠭᠡ ᠪᠣᠭᠤᠮᠲᠠ ᠳᠤ ᠪᠣᠶ︶ ᠪᠣᠶ ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 17 ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 5 ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠲᠤᠭᠲᠠᠭᠰᠠᠨ ᠡᠮᠨᠡᠯᠭᠡ  ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ  ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ