ᠵᠢᠩ ᠳ᠋ᠦᠩ ᠰᠢᠨᠵᠢᠯᠡᠬᠦ ᠤᠬᠠᠭᠠᠨ ᠮᠡᠷᠭᠡᠵᠢᠯ ︵ᠬᠥᠬᠡᠬᠤᠲᠠ︶ ᠤᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠠᠮᠲᠤᠷᠠᠯᠴᠠᠭᠠᠨ ᠤ ᠲᠦᠷᠦᠯ ᠵᠦᠢᠯ ᠰᠠᠶᠢᠬᠠᠨ ᠲᠣᠭᠤᠷᠢᠭ ᠲᠤ ᠨᠤᠲᠤᠭᠰᠢᠪᠠ
ᠨᠡᠶᠢᠲᠡᠯᠡᠭᠰᠡᠨ ᠴᠠᠭ᠄
2022/9/27
      ︵ᠰᠤᠷᠪᠤᠯᠵᠢᠯᠠᠭᠴᠢ ᠶᠠᠩ ᠼᠠᠢ ᠰᠢᠶᠠ︶ 9 ᠳ᠋ᠤᠭᠡᠷ ᠰᠠᠷ᠎ᠠ ᠶᠢᠨ 26 ᠤ ᠡᠳᠦᠷ᠂ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠬᠢᠭᠡᠳ ᠵᠢᠩ ᠳ᠋ᠦᠩ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠰᠠᠶᠢᠬᠠᠨ ᠲᠣᠭᠤᠷᠢᠭ ᠤᠨ ᠶᠢᠨ ᠴᠢᠶᠣᠤ ᠦᠢᠯᠡᠰ ᠪᠣᠰᠬᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠤᠨ  ᠡᠾᠦ᠋ᠢ ᡁᠢ ᠦᠢᠯᠡᠰ ᠪᠣᠰᠬᠠᠬᠤ ᠬᠦᠷᠢᠶᠡᠯᠡᠩ ᠳᠤ ᠶᠠᠪᠤᠭᠳᠠᠵᠤ᠂ ᠵᠢᠩ ᠳ᠋ᠦᠩ ᠰᠢᠨᠵᠢᠯᠡᠬᠦ ᠤᠬᠠᠭᠠᠨ ᠮᠡᠷᠭᠡᠵᠢᠯ ︵ᠬᠥᠬᠡᠬᠤᠲᠠ︶ ᠤᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠠᠮᠲᠤᠷᠠᠯᠴᠠᠭᠠᠨ ᠤ ᠲᠦᠷᠦᠯ ᠵᠦᠢᠯ ᠰᠠᠶᠢᠬᠠᠨ ᠲᠣᠭᠤᠷᠢᠭ ᠲᠤ ᠵᠢᠩᠬᠢᠨᠢ ᠪᠠᠷ ᠨᠤᠲᠤᠭᠰᠢᠪᠠ᠃      ᠲᠠᠨᠢᠯᠴᠠᠭᠤᠯᠤᠭᠰᠠᠨ ᠢᠶᠠᠷ᠂ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠨᠢᠭᠡ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠬᠠᠮᠲᠤ ᠪᠠᠷ ᠪᠠᠶᠢᠭᠤᠯᠬᠤ᠂ ᠨᠢᠭᠡ ᠢᠵᠢ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠦᠢᠯᠡᠴᠢᠯᠡᠭᠡᠨ ᠤ ᠲᠠᠪᠴᠠᠩ ᠢ ᠪᠠᠶᠢᠷᠢᠯᠠᠭᠤᠯᠬᠤ᠂ ᠠᠵᠤ ᠦᠢᠯᠡᠰ ᠤᠨ ᠲᠣᠮᠣ ᠳ᠋ᠠᠶᠢᠲ᠋ᠠ ᠶᠢᠨ ᠲᠥᠪ᠂ ᠠᠵᠤ ᠦᠢᠯᠡᠰ ᠤᠨ ᠲᠥᠪᠯᠡᠷᠡᠯ ᠤᠨ ᠲᠥᠪ᠂ ᠠᠵᠤ ᠦᠢᠯᠡᠰ ᠤᠨ ᠪᠣᠶᠢᠵᠢᠭᠤᠯᠤᠯᠲᠠ ᠶᠢᠨ ᠲᠥᠪ᠂ ᠠᠷᠠᠯᠵᠢᠶ᠎ᠠ ᠶᠢ ᠳᠡᠭᠡᠭᠰᠢᠯᠡᠭᠦᠯᠬᠦ ᠲᠥᠪ᠂  ᠲᠦᠷᠦᠯ ᠲᠡᠮᠳᠡᠭᠲᠦ ᠶᠢᠨ ᠡᠵᠡᠩᠨᠡᠯᠲᠡ ᠶᠢᠨ ᠲᠥᠪ᠂ ᠴᠢᠳᠠᠪᠤᠷᠢᠲᠠᠨ ᠤ ᠦᠢᠯᠡᠴᠢᠯᠡᠭᠡᠨ ᠤ ᠲᠥᠪ ᠵᠡᠷᠭᠡ 6 ᠦᠢᠯᠡᠴᠢᠯᠡᠭᠡᠨ ᠤ ᠲᠥᠪ ᠢ ᠪᠠᠶᠢᠭᠤᠯᠬᠤ ᠵᠡᠷᠭᠡ ᠪᠠᠭᠲᠠᠨ᠎ᠠ᠃ ᠲᠤᠬᠠᠢ ᠶᠢᠨ ᠦᠶ᠎ᠡ ᠳᠤ ᠬᠤᠶᠠᠷ ᠲᠠᠯ᠎ᠠ ᠪᠠᠷ ᠢᠶᠠᠨ ᠵᠢᠩ ᠳ᠋ᠦᠩ ᠰᠢᠨᠵᠢᠯᠡᠬᠦ ᠤᠬᠠᠭᠠᠨ ᠮᠡᠷᠭᠡᠵᠢᠯ ︵ᠬᠥᠬᠡᠬᠤᠲᠠ︶ ᠤᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ 1 ᠬᠦᠷᠢᠶᠡᠯᠡᠩ 6 ᠲᠥᠪ ᠤᠨ ᠲᠣᠭᠤᠷᠢᠨ ᠳᠤ᠂ ︽ᠲᠠᠪᠴᠠᠩ + ᠡᠵᠡᠩᠨᠡᠯᠲᠡ︾ ᠶᠢᠨ ᠵᠠᠭᠪᠤᠷ ᠢᠶᠠᠷ ᠲᠣᠰ ᠭᠠᠵᠠᠷ ᠤᠨ ᠰᠢᠨ᠎ᠡ ᠶᠢ ᠡᠭᠦᠳᠬᠦ ᠠᠵᠤ ᠦᠢᠯᠡᠰ ᠢ ᠣᠷᠣᠭᠤᠯᠤᠨ ᠠᠪᠴᠢᠷᠠᠬᠤ᠂ ᠪᠣᠶᠢᠵᠢᠭᠤᠯᠬᠤ᠂ ᠨᠡᠪᠴᠢᠭᠦᠯᠬᠦ ᠶᠢ ᠠᠬᠢᠭᠤᠯᠵᠤ᠂ ᠠᠵᠤ ᠦᠢᠯᠡᠰ ᠢ ᠲᠥᠪᠯᠡᠷᠡᠭᠦᠯᠬᠦ ᠪᠠ ᠦᠢᠯᠡᠳᠬᠦᠨ ᠤ ᠥᠷᠲᠡᠭ ᠢ ᠳᠡᠭᠡᠭᠰᠢᠯᠡᠭᠦᠯᠬᠦ ᠳᠤ ᠡᠨᠧᠷᠭᠢ ᠣᠯᠭᠤᠬᠤ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ