ᠬᠥᠬᠡᠬᠤᠲᠠ ᠶᠢᠨ ᠭᠤᠷᠪᠠᠳᠤᠭᠠᠷ ᠲᠣᠭᠤᠷᠢᠯ ᠵᠠᠮ ᠤᠨ ᠭᠤᠣᠯ ᠱᠤᠭᠤᠮ ᠵᠢᠱᠢᠯᠲᠡ ᠪᠠᠷ 10 ᠳ᠋ᠤᠭᠠᠷ ᠰᠠᠷ᠎ᠠ ᠳᠤ  ᠨᠡᠪᠲᠡᠷᠡᠨ᠎ᠡ
ᠨᠡᠶᠢᠲᠡᠯᠡᠭᠰᠡᠨ ᠴᠠᠭ᠄
2022/9/27
      9 ᠳ᠋ᠤᠭᠡᠷ ᠰᠠᠷ᠎ᠠ ᠶᠢᠨ 25 ᠤ ᠡᠳᠦᠷ᠂ ᠰᠤᠷᠪᠤᠯᠵᠢᠯᠠᠭᠴᠢ ᠭᠤᠷᠪᠠᠳᠤᠭᠠᠷ ᠲᠣᠭᠤᠷᠢᠯ ᠵᠠᠮ ᠤᠨ ᠬᠥᠬᠡᠬᠤᠲᠠ ᠵᠡᠭᠦᠨᠭᠠᠷ ᠤᠨ ᠵᠥᠷᠢᠯᠢᠭ ᠬᠦᠭᠦᠷᠭᠡ ᠶᠢᠨ ᠪᠠᠷᠢᠯᠭ᠎ᠠ ᠶᠢᠨ ᠠᠬᠤᠢ ᠲᠠᠯᠠᠪᠤᠷ ᠲᠤ  ᠠᠴᠢᠬᠤ ᠮᠠᠰᠢᠨ᠂ ᠲᠡᠭᠡᠭᠡᠪᠦᠷᠢ  ᠶᠢᠨ  ᠮᠠᠰᠢᠨ ᠲᠡᠷᠭᠡ ᠨᠠᠰᠢ ᠴᠠᠰᠢ ᠰᠦᠯᠵᠢᠯᠳᠦᠨ᠂  ᠶᠠᠭ ᠱᠠᠯᠠᠪᠳᠠᠨ ᠪᠦᠲᠦᠭᠡᠨ ᠪᠠᠶᠢᠭᠤᠯᠵᠤ ᠪᠠᠶᠢᠭ᠎ᠠ ᠶᠢ ᠣᠯᠵᠤ ᠬᠠᠷᠠᠵᠠᠢ᠃ ᠣᠳᠣᠬᠠᠨ ᠳᠤ ᠭᠤᠷᠪᠠᠳᠤᠭᠠᠷ ᠲᠣᠭᠤᠷᠢᠯ ᠵᠠᠮ ᠤᠨ ᠪᠥᠬᠦ ᠱᠤᠭᠤᠮ ᠤᠨ 1000 ᠭᠠᠷᠤᠢ ᠪᠠᠷᠢᠯᠭ᠎ᠠ ᠶᠢᠨ ᠠᠵᠢᠯᠲᠠᠨ ᠪᠠ 500 ᠭᠠᠷᠤᠢ ᠲᠣᠮᠣ ᠬᠡᠯᠪᠡᠷᠢ ᠶᠢᠨ ᠮᠠᠰᠢᠨ ᠮᠧᠬᠠᠨᠢᠭ ᠶᠠᠭ ᠶᠠᠭᠠᠷᠠᠯᠲᠠᠢ ᠪᠥᠭᠡᠳ ᠡᠮᠬᠢ ᠵᠢᠷᠤᠮ ᠲᠠᠢ ᠠᠵᠢᠯᠯᠠᠵᠤ ᠪᠠᠶᠢᠨ᠎ᠠ᠂ ᠵᠢᠱᠢᠯᠲᠡ ᠪᠠᠷ ᠡᠨᠡ ᠵᠢᠯ ᠤᠨ 10  ᠳ᠋ᠤᠭᠠᠷ ᠰᠠᠷ᠎ᠠ ᠳᠤ ᠭᠤᠣᠯ ᠱᠤᠭᠤᠮ ᠨᠡᠪᠲᠡᠷᠡᠵᠦ᠂ 2023 ᠣᠨ ᠤ 6 ᠳ᠋ᠤᠭᠠᠷ ᠰᠠᠷ᠎ᠠ ᠳᠤ ᠪᠦᠬᠦᠶᠢᠯᠡ ᠪᠠᠷᠢᠯᠭ᠎ᠠ ᠶᠢ ᠪᠦᠬᠦᠨ ᠢ ᠪᠠᠷᠢᠵᠤ ᠳᠠᠭᠤᠰᠬᠠᠬᠤ ᠪᠣᠯᠣᠨ᠎ᠠ᠃ ︽ᠡᠨᠡ ᠵᠢᠯ ᠠᠵᠢᠯ ᠢᠶᠠᠨ ᠰᠡᠷᠭᠦᠭᠡᠭᠰᠡᠨ ᠠᠴᠠ ᠨᠠᠰᠢ᠂ ᠪᠠᠷᠢᠯᠭ᠎ᠠ  ᠶᠢᠨ ᠠᠵᠢᠯ  ᠢ ᠬᠡᠪ ᠤᠨ ᠵᠢᠷᠤᠮ ᠢᠶᠠᠷ ᠦᠷᠭᠦᠯᠵᠢᠯᠡᠨ ᠶᠠᠪᠤᠭᠳᠠᠭᠤᠯᠵᠤ᠂  ᠣᠳᠣ ᠪᠦᠬᠦ ᠠᠵᠢᠯ ᠤᠨ 90%  ᠠᠴᠠ ᠳᠡᠭᠡᠭᠰᠢᠬᠢ ᠶᠢ ᠨᠢ ᠨᠢᠭᠡᠨᠲᠡ ᠪᠡᠶᠡᠯᠡᠭᠦᠯᠪᠡ︾᠃ ᠬᠥᠬᠡᠬᠤᠲᠠ ᠶᠢᠨ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠵᠢᠶᠠ ᠵᠢᠶᠦ᠋ᠨ ᠰᠢ ᠶᠢᠨ ᠲᠠᠨᠢᠯᠴᠠᠭᠤᠯᠤᠭᠰᠠᠨ ᠢᠶᠠᠷ᠂ ᠭᠤᠷᠪᠠᠳᠤᠭᠠᠷ ᠲᠣᠭᠤᠷᠢᠯ ᠵᠠᠮ ᠤᠨ ᠲᠥᠷᠥᠯ ᠵᠦᠢᠯ ᠨᠢ 2020 ᠣᠨ ᠳᠤ ᠪᠡᠯᠡ ᠮᠥᠩᠭᠦ ᠬᠦᠷᠦᠯᠴᠡᠬᠦ ᠦᠭᠡᠢ᠂ ᠭᠠᠷ ᠭᠦᠢᠴᠡᠳᠬᠡᠯ ᠪᠦᠷᠢᠨ ᠪᠤᠰᠤ ᠠᠴᠠ ᠪᠣᠯᠵᠤ ᠪᠠᠷᠢᠯᠭ᠎ᠠ ᠶᠢᠨ ᠠᠵᠢᠯ ᠢᠶᠠᠨ ᠲᠦᠷ ᠬᠤᠶᠢᠰᠢᠯᠠᠭᠤᠯᠪᠠ᠃ ᠡᠨᠡ ᠵᠢᠯ᠂ ᠬᠥᠬᠡᠬᠤᠲᠠ ︽ᠬᠠᠭᠠᠰ ᠳᠤᠲᠠᠭᠤ ᠢᠨᠵᠧᠨᠧᠷᠢᠩ︾ ᠤᠨ ᠠᠵᠢᠯ ᠢᠶᠠᠨ ᠰᠡᠷᠭᠦᠭᠡᠬᠦ ᠶᠢ ᠶᠡᠬᠡᠪᠡᠷ ᠠᠬᠢᠭᠤᠯᠵᠤ᠂ ᠪᠠᠷᠢᠯᠭ᠎ᠠ ᠶᠢᠨ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠬᠦᠷᠦᠯᠴᠡᠬᠦ ᠦᠭᠡᠢ ᠵᠢᠴᠢ ᠭᠠᠵᠠᠷ ᠰᠢᠷᠣᠢ ᠶᠢᠨ ᠬᠡᠰᠡᠭ ᠤᠨ ᠭᠠᠷᠳᠠᠮ ᠪᠦᠷᠢᠨ ᠪᠤᠰᠤ ᠪᠠᠶᠢᠳᠠᠯ ᠢ ︽ᠨᠢᠭᠡ ᠲᠦᠷᠦᠯ ᠵᠦᠢᠯ ᠳᠤ ᠨᠢᠭᠡ   ᠪᠣᠳᠣᠯᠭ᠎ᠠ︾  ᠬᠡᠷᠡᠭᠵᠢᠬᠦᠯᠬᠦ ᠰᠢᠢᠳᠪᠦᠷᠢᠯᠡᠬᠦ ᠲᠥᠰᠥᠯ ᠶᠣᠰᠣᠭᠠᠷ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ᠂ ᠭᠠᠷᠳᠠᠮ ᠭᠦᠢᠴᠡᠳᠬᠡᠬᠦ ᠶᠢ ᠲᠦᠷᠭᠡᠳᠬᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠰᠢᠢᠳᠪᠦᠷᠢᠯᠡᠪᠡ᠃ ᠣᠳᠣᠬᠠᠨ ᠳᠤ᠂ ᠲᠥᠷᠥᠯ ᠵᠦᠢᠯ ᠤᠨ ᠭᠠᠵᠠᠷ ᠰᠢᠷᠣᠢ ᠶᠢᠨ ᠬᠡᠰᠡᠭ ᠢ ᠴᠣᠬᠤᠯᠠᠪᠤᠷᠢᠯᠠᠨ ᠬᠠᠷᠢᠭᠤᠯᠤᠭᠠᠳᠤᠢ ᠶᠢ ᠭᠠᠷᠭᠠᠪᠠᠯ᠂ ᠦᠯᠡᠳᠡᠭᠰᠡᠨ ᠭᠠᠷᠳᠠᠮ ᠨᠢ ᠴᠥᠮ ᠪᠦᠷᠢᠨ ᠭᠦᠢᠴᠡᠳ ᠪᠠᠶᠢᠨ᠎ᠠ᠃      ᠣᠶᠢᠯᠠᠭᠠᠭᠰᠠᠨ ᠢᠶᠠᠷ᠂ ᠭᠤᠷᠪᠠᠳᠤᠭᠠᠷ ᠲᠣᠭᠤᠷᠢᠯ ᠵᠠᠮ ᠤᠨ ᠢᠨᠵᠧᠨᠧᠷᠢᠩ ᠢ ᠬᠥᠬᠡᠬᠤᠲᠠ ᠶᠢᠨ ᠡᠳ᠋ ᠤᠨ ᠵᠠᠰᠠᠭ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠬᠠᠮᠲᠤ ᠪᠠᠷ ᠬᠠᠷᠢᠭᠤᠴᠠᠨ ᠬᠡᠷᠡᠭᠵᠢᠭᠦᠯᠵᠦ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠳᠤᠭᠠᠷ ᠲᠣᠪᠴᠢᠶ᠎ᠠ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠳᠣᠯᠣᠳᠤᠭᠠᠷ ᠲᠣᠪᠴᠢᠶ᠎ᠠ᠂ ᠵᠦᠩ ᠶᠧ ᠲᠢᠶᠠᠨ ᠭᠦᠩ ᠪᠠ ᠳᠤᠮᠳᠠᠳᠤ ᠤᠯᠤᠰ ᠤᠨ ᠲᠡᠮᠦᠷ ᠵᠠᠮ ᠤᠨ ᠳᠥᠷᠪᠡᠳᠦᠭᠡᠷ ᠲᠣᠪᠴᠢᠶ᠎ᠠ ᠬᠠᠮᠲᠤ ᠪᠠᠷ ᠳᠠᠭᠠᠭᠠᠴᠢᠯᠠᠨ ᠪᠠᠶᠢᠭᠤᠯᠵᠤ ᠪᠣᠢ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 189.33 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠳᠣ ᠨᠢ 87.8 ᠺᠢᠯᠣᠮᠧᠲᠷ ᠃ ᠡᠭᠦᠨ ᠳᠤ᠂ ᠰᠢᠨ᠎ᠡ 110 ᠤᠯᠤᠰ ᠤᠨ ᠵᠠᠮ ᠠᠴᠠ 38.5 ᠺᠢᠯᠣᠮᠧᠲᠷ ᠠᠰᠢᠭᠯᠠᠵᠤ᠂ ᠬᠤᠲᠠ ᠲᠣᠭᠤᠷᠢᠭᠰᠠᠨ ᠲᠦᠷᠭᠡᠨ ᠤ ᠵᠠᠮ ᠠᠴᠠ11.2 ᠺᠢᠯᠣᠮᠧᠲᠷ ᠠᠰᠢᠭᠯᠠᠵᠤ᠂ ᠥᠨᠳᠥᠷ ᠬᠥᠭᠦᠷᠭᠡ ᠶᠢᠨ ᠪᠠᠷᠢᠯᠭ᠎ᠠ ᠶᠢ 31.1 ᠺᠢᠯᠣᠮᠧᠲᠷ ᠰᠢᠨ᠎ᠡ ᠪᠠᠷ ᠪᠠᠶᠢᠭᠤᠯᠵᠤ᠂  ᠭᠠᠵᠠᠷ ᠳᠡᠭᠡᠷᠡᠬᠢ ᠬᠤᠯᠪᠣᠬᠤ ᠱᠤᠭᠤᠮ ᠤᠨ ᠪᠠᠷᠢᠯᠭ᠎ᠠ ᠶᠢ 7 ᠺᠢᠯᠣᠮᠧᠲᠷ ᠰᠢᠨ᠎ᠡ ᠪᠠᠷ  ᠪᠠᠶᠢᠭᠤᠯᠤᠨ᠎ᠠ᠃ ᠲᠥᠷᠥᠯ ᠵᠦᠢᠯ ᠤᠨ ᠰᠢᠨ᠎ᠡ ᠪᠠᠷ ᠪᠠᠶᠢᠭᠤᠯᠬᠤ ᠬᠡᠰᠡᠭ ᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠥᠨᠳᠥᠷ ᠬᠥᠭᠦᠷᠭᠡ ᠤᠨ  21.3 ᠺᠢᠯᠣᠮᠧᠲᠷ ᠢ ᠬᠠᠷᠢᠭᠤᠴᠠᠨ ᠬᠡᠷᠡᠭᠵᠢᠭᠦᠯᠵᠦ᠂ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ  ᠠᠴᠠ  ᠥᠨᠳᠥᠷ ᠬᠥᠭᠦᠷᠭᠡ ᠶᠢ 9.8 ᠺᠢᠯᠣᠮᠧᠲᠷ ᠪᠠ ᠭᠠᠵᠠᠷ ᠳᠡᠭᠡᠷᠡᠬᠢ ᠬᠤᠯᠪᠣᠬᠤ ᠱᠤᠭᠤᠮ ᠤᠨ 7 ᠺᠢᠯᠣᠮᠧᠲᠷ  ᠢ ᠬᠠᠷᠢᠭᠤᠴᠠᠨ ᠬᠡᠷᠡᠭᠵᠢᠭᠦᠯᠦᠨ᠎ᠡ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ