ᠪᠥᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2022 ᠣᠨ ᠤ 10 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/27
            ᠪᠣᠣ ᠭᠠᠩ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ ᠼᠤᠤ ᠰᠧ ᠶᠠᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 9 ᠳ᠋ᠤᠭᠡᠷ ᠰᠠᠷ᠎ᠠ ᠶᠢᠨ 26 ᠤ ᠡᠳᠦᠷ᠂ ᠪᠥᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2022 ᠣᠨ ᠤ 10 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ  ᠬᠤᠷᠠᠯᠳᠤᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢ ᠳᠠᠶᠢᠴᠢᠯᠠᠨ ᠬᠠᠤᠯᠢᠵᠢᠯ ᠤᠨ ᠰᠡᠳᠬᠢᠬᠦᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢᠵᠢᠯ ᠤᠨ ᠤᠬᠠᠮᠰᠠᠷ ᠢ ᠳᠡᠭᠡᠭᠰᠢᠯᠡᠭᠦᠯᠦᠨ᠂ ᠬᠠᠤᠯᠢᠵᠢᠯ ᠤᠨ ᠦᠵᠡᠯᠲᠡ ᠶᠢ ᠪᠠᠲᠤ ᠪᠤᠶ ᠪᠣᠯᠭᠠᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠶᠢ ᠠᠵᠢᠯ ᠤᠨ ᠪᠦᠬᠦ ᠶᠠᠪᠤᠴᠠ ᠡᠯ᠎ᠡ ᠭᠤᠭᠴᠤᠭ᠎ᠠ ᠳᠤ ᠠᠭᠤᠰᠤᠯᠴᠠᠭᠤᠯᠬᠤ ᠶᠢᠨ ᠬᠠᠮᠲᠤ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢᠬᠢ ᠬᠤᠳᠠ ᠶᠢᠨ ᠨᠠᠮ ᠤᠨ ᠬᠤᠷᠢᠶ᠎ᠠ ᠶᠢᠨ ᠡᠷᠬᠢᠯᠡᠭᠰᠡᠨ 7 ᠤᠳᠠᠭ᠎ᠠ ᠶᠢᠨ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠳᠤ ᠳ᠋ᠦᠩᠨᠡᠯᠲᠡ ᠬᠢᠵᠦ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ︽ᠠᠷᠪᠠᠨ ᠨᠢᠭᠡ ᠶᠢ ᠪᠠᠷᠢᠮᠲᠠᠯᠠᠬᠤ︾ ᠲᠠᠢ ᠤᠶᠠᠯᠳᠤᠭᠤᠯᠤᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠣᠳᠣᠷᠬᠠᠶᠢᠯᠠᠨ ᠭᠦᠨᠵᠡᠭᠡᠢ ᠲᠠᠶᠢᠯᠪᠤᠷᠢᠯᠠᠵᠤ᠂ ᠪᠦᠬᠦ ᠬᠤᠳᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠰᠤᠷᠤᠯᠴᠠᠨ ᠣᠶᠢᠯᠠᠭᠠᠵᠤ᠂  ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠬᠡᠯᠪᠡᠷᠢ ᠪᠠᠷ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢᠵᠢᠯ ᠤᠨ ᠲᠥᠪ ᠬᠤᠲᠠ ᠶᠢᠨ  ᠪᠦᠲᠦᠭᠡᠨ ᠪᠠᠶᠢᠭᠤᠯᠤᠯᠲᠠ ᠨᠡᠩ ᠶᠡᠭᠡ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠪᠣᠣ ᠭᠠᠩ ᠬᠡᠯᠡᠬᠦ ᠳᠡᠭᠡᠨ᠂ ᠪᠦᠬᠦ ᠲᠠᠯ᠎ᠠ ᠶᠢᠨ ᠰᠢᠰᠲ᠋ᠧᠮ ᠲᠠᠢ᠂ ᠤᠤᠯ ᠶᠠᠩᠵᠤ ᠪᠠᠨ ᠬᠠᠳᠠᠭᠠᠯᠠᠭᠰᠠᠨ᠂ ᠪᠣᠳᠠᠲᠠᠢ ᠲᠠᠢ ᠤᠶᠠᠯᠳᠤᠭᠤᠯᠤᠭᠰᠠᠨ ᠲᠤᠰᠬᠠᠢ ᠰᠡᠳᠦᠪᠲᠦ ᠰᠤᠷᠤᠯᠴᠠᠯᠭ᠎ᠠ ᠪᠠᠷ ᠳᠠᠮᠵᠢᠨ᠂ ᠣᠷᠣᠨ ᠤ ᠲᠥᠪ ᠤᠨ ᠡᠯ᠎ᠡ ᠱᠠᠲᠤᠨ ᠤ ᠤᠳᠤᠷᠢᠳᠬᠤ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠡᠷᠭᠡ ᠳᠤ  ᠰᠢᠰᠲ᠋ᠧᠮ ᠲᠠᠢ ᠣᠶᠢᠯᠠᠭᠠᠯᠲᠠ ᠲᠠᠢ ᠪᠣᠯᠤᠭᠰᠠᠨ ᠪᠥᠭᠡᠳ ᠭᠦᠨᠵᠡᠭᠡᠢ ᠲᠠᠨᠢᠯᠲᠠ ᠲᠠᠢ ᠪᠣᠯᠵᠠᠢ᠃ ᠪᠦᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ︽ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ︾ ᠢ  ᠲᠦᠷᠭᠡᠪᠴᠢᠯᠡᠨ ᠬᠡᠷᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠰᠢᠰᠲ᠋ᠧᠮᠲᠦ ᠰᠡᠳᠬᠢᠬᠦᠢ᠂ ᠬᠠᠤᠯᠢᠵᠢᠯ ᠤᠨ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠣᠨ ᠤ ᠲᠥᠪ ᠤᠨ ᠠᠵᠤ ᠠᠬᠤᠢ ᠶᠢᠨ ᠴᠢᠳᠠᠪᠬᠢ ᠳᠡᠰ᠂ ᠰᠣᠶᠣᠯ ᠤᠨ ᠴᠢᠳᠠᠪᠬᠢ ᠳᠡᠰ᠂ ᠵᠠᠰᠠᠯᠲᠠ ᠶᠢᠨ ᠴᠢᠳᠠᠪᠬᠢ ᠳᠡᠰ᠂ ᠠᠮᠢ ᠠᠬᠤᠢ ᠶᠢᠨ ᠴᠢᠳᠠᠪᠬᠢ ᠳᠡᠰ᠂ ᠡᠩᠨᠡᠭᠡ ᠶᠢᠨ ᠴᠢᠳᠠᠪᠬᠢ ᠳᠡᠰ᠂ ᠬᠥᠮᠥᠨ ᠠᠮᠠ ᠶᠢᠨ ᠴᠢᠳᠠᠪᠬᠢ ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠡᠨᠬᠦ ᠨᠡᠩ ᠥᠨᠳᠥᠷ ᠵᠣᠭᠰᠣᠴᠠ᠂ ᠨᠡᠩ ᠨᠠᠷᠢᠯᠢᠭ ᠠᠷᠭ᠎ᠠ ᠬᠡᠮᠵᠢᠶ᠎ᠡ᠂ ᠨᠡᠩ ᠴᠢᠩᠭ᠎ᠠ ᠡᠭᠦᠷᠭᠡᠯᠡᠯ᠂ ᠨᠡᠩ ᠪᠣᠳᠠᠲᠠᠢ ᠰᠤᠷᠲᠠᠯ ᠢᠶᠠᠷ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠲᠦᠷᠭᠡᠨ ᠪᠦᠲᠦᠭᠡᠨ ᠪᠠᠶᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃      ᠬᠤᠲᠠ  ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ  ᠶᠢᠨ ᠬᠤᠷᠢᠶᠠᠨ ᠤ ᠱᠦᠵᠢ ᠼᠤᠤ ᠰᠧ ᠶᠠᠩ ᠬᠤᠷᠠᠯ ᠡᠷᠭᠢᠯᠡᠪᠡ᠃ ᠬᠤᠷᠠᠯ ᠳᠡᠭᠡᠷ᠎ᠡ᠂ ᠼᠤᠤ ᠰᠧ ᠶᠠᠩ᠂ ᠯᠢ ᠰᠢᠶᠣᠣ ᠶᠠᠨ᠂ ᠴᠧᠩ ᠵᠦᠩ ᠵᠦᠩ᠂ ᠬᠠᠨ ᠴᠢᠤᠸᠠᠨ ᠹᠧᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ ᠬᠤᠷᠠᠯ ᠨᠢ ᠸᠢᠳᠢᠤ᠋ ᠮᠠᠶ᠋ᠢᠭ ᠢᠶᠠᠷ ᠬᠤᠷᠠᠯᠳᠤᠵᠤ᠂ ᠪᠦᠬᠦ ᠬᠤᠳᠠ ᠶᠢᠨ ᠳᠡᠳ᠋ ᠲᠢᠩᠬᠢᠮ ᠤᠨ ᠲᠡᠰ ᠠᠴᠠ ᠳᠡᠭᠡᠭᠰᠢᠬᠢ ᠤᠳᠤᠷᠢᠳᠬᠤ ᠨᠥᠬᠦᠳ᠂ ᠬᠤᠳᠠ ᠶᠢᠨ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠭᠤᠣᠯ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠢ ᠳᠤ ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ