9 ᠳ᠋ᠤᠭᠡᠷ ᠰᠠᠷ᠎ᠠ ᠶᠢᠨ 26 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/27
      9 ᠳ᠋ᠤᠭᠡᠷ ᠰᠠᠷ᠎ᠠ ᠶᠢᠨ 26 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 2 ︵ᠴᠥᠮ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ  ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠵᠤ ᠬᠤᠪᠢᠷᠠᠪᠠ︶  ᠨᠡᠮᠡᠭᠳᠡᠪᠡ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ ᠳᠤ ᠪᠠᠶᠢᠨ᠎ᠠ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 28 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠯᠥᠨ ᠪᠤᠶᠢᠷ ᠬᠤᠲᠠ ᠳᠤ 1 ︵ᠮᠠᠨᠵᠤᠤᠷ ᠬᠤᠲᠠ ᠳᠤ ᠪᠣᠢ︶᠂ ᠤᠯᠠᠭᠠᠨᠬᠠᠳᠠ ᠬᠤᠲᠠ ᠳᠤ 26 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 8᠂ ᠣᠩᠨᠢᠭᠤᠳ ᠬᠤᠰᠢᠭᠤᠨ ᠳᠤ 16᠂ ᠠᠷᠤ ᠬᠤᠷᠴᠢᠨ ᠬᠤᠰᠢᠭᠤᠨ ᠳᠤ 1 ᠪᠣᠢ︶᠂ ᠠᠯᠠᠱᠠ ᠠᠶᠢᠮᠠᠭ ᠲᠤ 1 ︵ᠡᠵᠡᠨ᠎ᠡ ᠬᠤᠰᠢᠭᠤᠨ ᠳᠤ ᠪᠣᠢ︶ ᠪᠣᠢ᠂  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 22 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠤᠯᠠᠭᠠᠨᠬᠠᠳᠠ ᠬᠤᠲᠠ ᠳᠤ 20 ︵ᠬᠤᠩᠱᠠᠨ ᠲᠣᠭᠤᠷᠢᠭ ᠲᠤ 3᠂ ᠰᠦᠩᠱᠠᠨ ᠲᠣᠭᠤᠷᠢᠭ ᠲᠤ 6᠂ ᠣᠩᠨᠢᠭᠤᠳ ᠬᠤᠰᠢᠭᠤᠨ ᠳᠤ 11 ᠪᠣᠢ︶᠂ ᠠᠯᠠᠱᠠ ᠠᠶᠢᠮᠠᠭ ᠲᠤ 2 ︵ᠴᠥᠮ ᠴᠡᠭᠡ ᠪᠣᠭᠤᠮᠲᠠ ᠳᠤ ᠪᠣᠶ︶ ᠪᠣᠶ᠃ ᠬᠢᠯᠢ ᠶᠢᠨ ᠭᠠᠳᠠᠨ᠎ᠠ ᠠᠴᠠ  ᠣᠷᠤᠵᠤ ᠢᠷᠡᠭᠰᠡᠨ  ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 3 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ  ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ ᠳᠤ ᠪᠠᠶᠢᠨ᠎ᠠ᠃      9 ᠳ᠋ᠤᠭᠡᠷ ᠰᠠᠷ᠎ᠠ ᠶᠢᠨ 26 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 131 ᠪᠣᠢ᠂ ᠡᠭᠦᠨ ᠳᠤ ᠪᠤᠭᠤᠲᠤ ᠬᠤᠲᠠ ᠳᠤ 1 ︵ᠳ᠋ᠦᠩ ᠾᠧ ᠲᠣᠭᠤᠷᠢᠭ ᠲᠤ ᠪᠣᠶ︶᠂ ᠬᠥᠯᠥᠨ ᠪᠤᠶᠢᠷ ᠬᠤᠲᠠ ᠳᠤ 2 ︵ᠴᠥᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 128 ︵ᠬᠤᠩᠱᠠᠨ ᠲᠣᠭᠤᠷᠢᠭ ᠲᠤ 2᠂ ᠰᠦᠩᠱᠠᠨ ᠲᠣᠭᠤᠷᠢᠭ ᠲᠤ 73᠂ ᠣᠩᠨᠢᠭᠤᠳ ᠬᠤᠰᠢᠭᠤᠨ ᠳᠤ 49᠂ ᠠᠷᠤ ᠬᠤᠷᠴᠢᠨ ᠬᠤᠰᠢᠭᠤᠨ ᠳᠤ 4 ᠪᠣᠢ︶ ᠪᠣᠢ᠂  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 127 ᠪᠣᠶ᠂ ᠡᠭᠦᠨ ᠳᠤ ᠤᠯᠠᠭᠠᠨᠬᠠᠳᠠ ᠬᠤᠲᠠ ᠳᠤ 123 ︵ᠬᠤᠩᠱᠠᠨ ᠲᠣᠭᠤᠷᠢᠭ ᠲᠤ 2᠂ ᠰᠦᠩᠱᠠᠨ ᠲᠣᠭᠤᠷᠢᠭ ᠲᠤ 52᠂ ᠣᠩᠨᠢᠭᠤᠳ ᠬᠤᠰᠢᠭᠤᠨ ᠳᠤ 69 ᠪᠣᠢ︶᠂ ᠪᠠᠶᠠᠨᠨᠠᠭᠤᠷ ᠬᠤᠲᠠ ᠳᠤ 4 ︵ᠴᠦᠮ ᠯᠢᠨ ᠾᠧ ᠲᠣᠭᠤᠷᠢᠭ ᠲᠤ ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 16᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ