ᠭᠤᠤ ᠹᠧᠩ ᠵᠠᠬᠢᠳᠠᠯ ᠰᠣᠷᠪᠤᠯᠵᠢᠯᠠᠭ᠎ᠠ ᠬᠢᠬᠦ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠬᠤ ᠳᠠᠭᠠᠨ᠄ ᠣᠯᠠᠨ ᠲᠦᠮᠡᠨ ᠤ ᠲᠥᠯᠥᠭᠡ ᠦᠨᠡᠨ ᠰᠡᠳᠬᠢᠯ ᠠᠴᠠ ᠪᠠᠨ ᠣᠯᠠᠨ ᠲᠦᠮᠡᠨ ᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠶ ᠭᠡᠵᠡᠢ
ᠨᠡᠶᠢᠲᠡᠯᠡᠭᠰᠡᠨ ᠴᠠᠭ᠄
2022/9/28
9.28高峰在接待来访群众时指出:要用心用情为群众着想 真心真意帮群众解难.jpg
      9 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠰᠢᠶᠠᠨ ᠤ ᠣᠯᠠᠨ ᠲᠦᠮᠡᠨ ᠤ ᠰᠤᠷᠪᠤᠯᠵᠢᠯᠠᠭ᠎ᠠ ᠶᠢ ᠭᠥᠯᠢᠶᠡᠨ ᠠᠪᠬᠤ ᠬᠠᠮᠲᠤᠷᠠᠭᠰᠠᠨ ᠲᠥᠪ ᠲᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠤᠪᠠ᠃ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠮᠠ ᠵᠢᠶᠦ᠋ᠨ ᠸᠧᠶ ᠪᠠᠷ᠎ᠠ ᠪᠣᠯᠵᠤ ᠰᠤᠷᠪᠤᠯᠵᠢᠯᠠᠭ᠎ᠠ ᠬᠦᠯᠢᠶᠡᠪᠡ᠃      ᠰᠤᠷᠪᠤᠯᠵᠢᠯᠠᠭ᠎ᠠ ᠶᠢ ᠬᠦᠯᠢᠶᠡᠨ ᠠᠪᠬᠤ ᠲᠤᠬᠠᠶ ᠶᠢᠨ ᠲᠠᠯᠠᠪᠠᠢ ᠳᠤ᠂ ᠭᠤᠤ ᠹᠧᠩ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠬᠤᠯᠪᠣᠭᠳᠠᠯ ᠪᠦᠬᠦᠢ ᠪᠠᠶᠢᠳᠠᠯ ᠢ ᠨᠠᠷᠢᠨ ᠨᠢᠮᠪᠠᠶ ᠠᠰᠠᠭᠤᠨ ᠯᠠᠪᠯᠠᠵᠤ᠂ ᠤᠴᠢᠷ ᠶᠠᠪᠤᠳᠠᠯ ᠤᠨ ᠠᠬᠢᠴᠠ ᠶᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠰᠢᠢᠳᠪᠦᠷᠢᠯᠡᠬᠦ ᠲᠥᠰᠦᠯ ᠢ ᠰᠤᠳᠤᠯᠤᠨ ᠶᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠥᠷᠳᠡᠨ ᠱᠠᠯᠠᠪᠳᠠᠭᠤᠯᠤᠨ ᠰᠢᠢᠳᠪᠦᠷᠢᠯᠡᠬᠦ ᠪᠠᠨ ᠴᠢᠩᠭᠠᠳᠬᠠᠵᠤ᠂ ᠴᠠᠭ ᠲᠤᠬᠠᠶ ᠳᠤᠨᠢ ᠬᠠᠷᠢᠭᠤ ᠰᠤᠷᠪᠤᠯᠵᠢᠯᠠᠵᠤ ᠦᠷ᠎ᠡ ᠪᠦᠲᠦᠮᠵᠢ ᠶᠢ ᠨᠢ ᠠᠰᠠᠭᠤᠵᠤ᠂ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠶ ᠭᠡᠵᠦ ᠵᠠᠬᠢᠪᠠ᠃      ᠭᠤᠤ ᠹᠧᠩ᠂ ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠂ ᠵᠠᠬᠢᠳᠠᠯ ᠰᠣᠷᠪᠤᠯᠵᠢᠯᠠᠭ᠎ᠠ ᠤᠨ ᠠᠵᠢᠯ ᠤᠨ ᠮᠥᠨ ᠴᠢᠨᠠᠷ ᠪᠣᠯ ᠤᠯᠠᠨ ᠲᠦᠮᠡᠨ ᠤ ᠠᠵᠢᠯ ᠪᠣᠯᠤᠨ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠤ ᠲᠥᠯᠥᠭᠡ ᠬᠦᠴᠢᠷ ᠠᠰᠠᠭᠤᠳᠠᠯ ᠢ ᠰᠢᠢᠳᠪᠦᠷᠢᠯᠡᠬᠦ᠂ ᠨᠠᠮ ᠤᠨ ᠲᠥᠯᠥᠭᠡ ᠰᠠᠨᠠᠭᠠᠰᠢᠷᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠢᠮᠠᠭᠲᠠ ᠰᠡᠳᠬᠢᠯ ᠳᠡᠭᠡᠨ ᠪᠤᠳᠤᠵᠤ᠂ ᠬᠠᠤᠯᠢ ᠲᠣᠭᠲᠠᠭᠠᠯ ᠶᠣᠰᠣᠭᠠᠷ᠂ ᠬᠠᠶᠢᠷ᠎ᠠ ᠰᠡᠳᠬᠢᠯᠭᠡ ᠲᠠᠢ ᠪᠠᠶᠢᠬᠤ ᠶᠢᠨ ᠵᠡᠷᠭᠡ ᠪᠠᠷ ᠡᠯ᠎ᠡ ᠲᠦᠷᠦᠯ ᠤᠨ ᠵᠠᠬᠢᠳᠠᠯ ᠰᠣᠷᠪᠤᠯᠵᠢᠯᠠᠭ᠎ᠠ ᠤᠨ ᠠᠰᠠᠭᠤᠳᠠᠯ ᠢ ᠵᠡᠷᠭᠡ ᠪᠠᠷ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠲᠤᠰᠬᠠᠭᠰᠠᠨ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠪᠣᠳᠠᠲᠠᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠬᠠᠷᠢᠶ᠎ᠠ ᠭᠠᠵᠠᠷ ᠤᠨ ᠰᠢᠶᠠᠩ ᠪᠠᠯᠭᠠᠰᠤ ᠨᠢ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠲᠣᠰᠬᠤᠨ ᠳᠤᠭᠤᠶᠢᠯᠠᠩ ᠤᠨ ᠺᠠᠳ᠋ᠷ᠂ ᠰᠦᠯᠵᠢᠶᠡᠨ ᠤ ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠤᠨ ᠂ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠠᠩᠬᠠᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠪᠠ ᠵᠥᠷᠢᠴᠡᠯ ᠵᠢᠭᠤᠷᠠᠯᠳᠤᠭᠠᠨ ᠢ ᠦᠨᠡᠨᠬᠦ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠠᠷᠢᠯᠭᠠᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠤᠯᠢᠵᠢᠯ ᠤᠨ ᠣᠶᠢᠯᠠᠭᠠᠭᠳᠠᠬᠤᠨ᠂ ᠬᠠᠤᠯᠢᠵᠢᠯ ᠤᠨ ᠰᠡᠳᠬᠢᠬᠦᠢ ᠶᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢ ᠶᠣᠰᠣᠭᠠᠷ ᠵᠢᠷᠤᠮᠵᠢᠭᠤᠯᠤᠨ ᠠᠵᠢᠯᠯᠠᠬᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠣᠶᠤᠨᠴᠢ ᠪᠠᠷ ᠢᠯᠡᠳᠬᠡᠬᠦ᠂ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠦᠲᠦᠮᠵᠢᠲᠡᠢ ᠬᠠᠮᠠᠭᠠᠯᠠᠬᠤ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠵᠢᠭᠠᠨ ᠭᠠᠷᠭᠠᠭᠰᠠᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ