ᠥᠪᠥᠷ ᠮᠣᠩᠭᠤᠯ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠬᠠᠲᠤᠨ ᠭᠤᠤᠯ ᠤᠨ ᠰᠣᠶᠣᠯ ᠠᠵᠤ ᠠᠬᠤᠶ ᠶᠢ ᠠᠬᠢᠭᠤᠯᠬᠤ ᠨᠡᠶᠢᠭᠡᠮᠯᠢᠭ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠬᠤᠷᠢᠨᠭᠡᠷ ᠰᠢᠶᠠᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/9/28
9.28内蒙古生态文明建设和黄河文化经济促进会自治区财政厅调研组前来我县调研1.jpg
9.28内蒙古生态文明建设和黄河文化经济促进会自治区财政厅调研组前来我县调研2.jpg
      9 ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠬᠠᠳᠤᠨ ᠭᠤᠣᠯ ᠤᠨ ᠰᠣᠶᠣᠯ ᠠᠵᠤ ᠠᠬᠤᠢ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠤᠤᠯ ᠤᠨ ᠳᠡᠳ᠋ ᠲᠡᠷᠢᠭᠦᠯᠡᠭᠴᠢ ᠹᠦ᠋ ᠲᠠᠢ ᠽᠧᠩ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠰᠢᠶᠠᠨ ᠳᠤ ᠢᠷᠡᠵᠦ ︽ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠰᠤᠳᠤᠯᠭᠠᠨ︾ ᠤ ᠰᠡᠳᠦᠪ ᠤᠨ ᠲᠤᠬᠠᠢ ᠪᠠᠶᠢᠴᠠᠭᠠᠨ ᠰᠤᠳᠤᠯᠤᠯᠲᠠ ᠥᠷᠨᠢᠭᠦᠯᠵᠡᠢ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠵᠧᠩ ᠳ᠋ᠠ ᠶᠢᠨ 300 ᠲᠦᠮᠡᠨ ᠭᠠᠭ᠋ᠠᠢ ᠨᠢᠲᠤᠯᠬᠤ ᠵᠢᠴᠢ ᠢᠳᠡᠭᠡᠨ ᠢ ᠨᠠᠷᠢᠯᠢᠭ ᠡᠳ᠋ᠰᠢᠭᠦᠯᠬᠦ ᠲᠦᠷᠦᠯ ᠵᠦᠢᠯ ᠤᠨ ᠭᠠᠵᠠᠷ᠂ ᠲᠠᠶᠢᠴᠢᠳ ᠲᠣᠰᠬᠤᠨ᠂ ᠱᠧᠩ ᠵᠢᠶᠠᠨ ᠰᠠᠭᠠᠯᠢ ᠶᠢᠨ ᠢᠮᠠᠭᠠᠨ ᠤ ᠡᠭᠦᠯᠳᠡᠷ ᠤᠨ ᠰᠠᠭᠤᠷᠢᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠢ ᠶᠢᠨ ᠭᠠᠵᠠᠷ ᠲᠤᠨᠢ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠮᠠᠨ ᠤ ᠰᠢᠶᠠᠨ ᠤ ᠢᠳᠡᠭᠡᠨ ᠪᠣᠯᠪᠠᠰᠤᠷᠠᠭᠤᠯᠬᠤ ᠠᠵᠤ ᠦᠢᠯᠡᠰ᠂ ᠬᠥᠳᠡᠭᠡ ᠲᠣᠰᠬᠤᠨ ᠤ ᠵᠤᠭᠠᠴᠠᠯ ᠤᠨ ᠦᠢᠯᠡᠰ᠂ ᠬᠤᠨᠢ ᠰᠦ ᠶᠢᠨ ᠠᠵᠤ ᠦᠢᠯᠡᠰ ᠵᠡᠷᠭᠡ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢᠨ ᠣᠳᠣᠬᠢ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠡᠯ᠎ᠡ ᠲᠠᠯ᠎ᠠ ᠶᠢᠨ ᠣᠯᠤᠭᠰᠠᠨ ᠪᠦᠳᠦᠭᠡᠨ ᠪᠠᠶᠢᠭᠤᠯᠤᠯᠲᠠ ᠶᠢᠨ ᠠᠮᠵᠢᠯᠲᠠ ᠶᠢ ᠨᠤᠲᠠᠯᠠᠭᠰᠠᠨ ᠤ ᠬᠠᠮᠲᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠰᠠᠭᠤᠷᠢ ᠮᠥᠨ᠂ ᠪᠠᠰᠠ ᠴᠤ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢᠨ ᠬᠦᠴᠦᠲᠡᠢ ᠪᠠᠲᠤᠯᠠᠭ᠎ᠠ ᠮᠥᠨ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠡᠷᠬᠡᠪᠰᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠪᠠᠷ ᠦᠨᠳᠦᠰᠦᠨ ᠠᠷᠭ᠎ᠠ ᠵᠠᠮ ᠪᠣᠯᠭᠠᠵᠤ᠂ ᠭᠤᠣᠯᠳᠠᠯᠭ᠎ᠠ ᠲᠠᠢ ᠤᠨᠴᠠᠯᠢᠭᠳᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠩᠭᠠᠳᠬᠠᠵᠠᠢ᠃      ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠠᠷᠤᠭ᠎ᠠ ᠴᠠᠢ ᠵᠠᠨ ᠭᠦᠸᠧ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ᠂ ᠰᠢᠶᠠᠨ ᠤ ᠳᠡᠳ᠋ ᠳᠠᠷᠤᠭ᠎ᠠ ᠳ᠋ᠦ᠋ ᠰᠢᠶᠤᠤ ᠭᠤᠸᠠᠩ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠤᠲᠠ᠂ ᠰᠢᠶᠠᠨ ᠤ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ