9 ᠳ᠋ᠤᠭᠡᠷ ᠰᠠᠷ᠎ᠠ ᠶᠢᠨ 27 ᠤ ᠡᠳᠦᠷ ᠤᠨ 24 ᠴᠠᠭ ᠪᠣᠯᠲᠠᠯᠠᠬᠢ‌ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/28
      9 ᠳ᠋ᠤᠭᠡᠷ ᠰᠠᠷ᠎ᠠ ᠶᠢᠨ 27 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠲᠤ ᠪᠣᠢ︶ ᠨᠡᠮᠡᠭᠳᠡᠪᠡ᠃ ᠣᠷᠣᠨ ᠨᠤᠲᠤᠭ ᠤᠨ  ᠲᠣᠳᠤᠯᠠᠭᠰᠠᠨ ᠡᠪᠡᠳᠴᠢᠨ ᠤ ᠵᠢᠱᠢᠶ᠎ᠡ  ᠠᠴᠠ 36 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠴᠥᠮ ᠤᠯᠠᠭᠠᠨᠬᠠᠳᠠ ᠬᠤᠲᠠ ᠳᠤ ︵ᠬᠤᠩᠱᠠᠨ ᠲᠣᠭᠤᠷᠢᠭ ᠲᠤ 2᠂ ᠰᠦᠩᠱᠠᠨ ᠲᠣᠭᠤᠷᠢᠭ ᠲᠤ 20᠂ ᠣᠩᠨᠢᠭᠤᠳ ᠬᠤᠰᠢᠭᠤᠨ ᠳᠤ 14 ᠪᠣᠢ︶ ᠪᠣᠢ᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ ᠠᠴᠠ 24 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠤᠯᠠᠭᠠᠨᠬᠠᠳᠠ ᠬᠤᠲᠠ ᠳᠤ 23 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 5᠂ ᠣᠩᠨᠢᠭᠤᠳ ᠬᠤᠰᠢᠭᠤᠨ ᠳᠤ 17 ᠪᠣᠢ︶᠂ ᠪᠠᠶᠠᠨᠨᠠᠭᠤᠷ ᠬᠤᠲᠠ ᠳᠤ 1 ︵ᠯᠢᠨ ᠾᠧ ᠲᠣᠭᠤᠷᠢᠭ ᠲᠤ ᠪᠣᠢ︶ ᠪᠣᠶ᠃      9 ᠳ᠋ᠤᠭᠡᠷ ᠰᠠᠷ᠎ᠠ ᠶᠢᠨ 27 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 95 ᠪᠣᠶ᠂ ᠡᠭᠦᠨ ᠳᠤ ᠪᠤᠭᠤᠲᠤ ᠬᠤᠲᠠ ᠳᠤ 1 ︵ᠳ᠋ᠦᠩ ᠾᠧ ᠲᠣᠭᠤᠷᠢᠭ ᠲᠤ ᠪᠣᠶ︶᠂ ᠬᠥᠯᠥᠨ ᠪᠤᠶᠢᠷ ᠬᠤᠲᠠ ᠳᠤ 2 ︵ᠴᠥᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 92 ︵ᠰᠦᠩᠱᠠᠨ ᠲᠣᠭᠤᠷᠢᠭ ᠲᠤ 53᠂ ᠣᠩᠨᠢᠭᠤᠳ ᠬᠤᠰᠢᠭᠤᠨ ᠳᠤ 35᠂ ᠠᠷᠤ ᠬᠤᠷᠴᠢᠨ ᠬᠤᠰᠢᠭᠤᠨ ᠳᠤ 4 ᠪᠣᠢ︶ ᠪᠣᠢ᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ104 ᠪᠣᠶ᠂ ᠡᠭᠦᠨ ᠳᠤ ᠤᠯᠠᠭᠠᠨᠬᠠᠳᠠ ᠬᠤᠲᠠ ᠳᠤ 100 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 47᠂ ᠣᠩᠨᠢᠭᠤᠳ ᠬᠤᠰᠢᠭᠤᠨ ᠳᠤ 52 ᠪᠣᠢ︶᠂ ᠪᠠᠶᠠᠨᠨᠠᠭᠤᠷ ᠬᠤᠲᠠ ᠳᠤ 4 ︵ᠴᠥᠮ ᠯᠢᠨ ᠾᠧ ᠲᠣᠭᠤᠷᠢᠭ ᠲᠤ ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 16᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ  ᠢ ᠴᠥᠮ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ