ᠬᠤᠭ ᠨᠤᠪᠰᠢ ᠶᠢ ᠲᠥᠷᠥᠯ ᠬᠤᠪᠢᠶᠠᠨ ᠬᠠᠶᠠᠬᠤ ᠰᠠᠶᠢᠨ ᠳᠠᠳᠬᠠᠯ ᠲᠠᠢ ᠪᠣᠯᠤᠶ᠎ᠠ
ᠨᠡᠶᠢᠲᠡᠯᠡᠭᠰᠡᠨ ᠴᠠᠭ᠄
2022/9/28
res10_attpic_brief.jpg
      ᠬᠠᠷᠢᠶ᠎ᠠ ᠣᠷᠣᠨ ᠤ ᠪᠠᠨ ᠨᠠᠰᠤᠨ ᠳᠤ ᠥᠯᠥ ᠭᠦᠷᠦᠭᠰᠡᠳ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠲᠦᠷᠦᠭᠦᠬᠡᠨ᠂ ᠴᠢ ᠳ᠋ᠦᠩ ᠨᠡᠶᠢᠭᠡᠮ ᠲᠣᠭᠤᠷᠢᠭ  ᠬᠠᠷᠢᠶ᠎ᠠ ᠣᠷᠣᠨ ᠤ ᠪᠠᠨ ᠪᠠ ᠢ ᠵᠠᠮ ᠤᠨ ᠪᠠᠭ᠎ᠠ ᠰᠤᠷᠭᠠᠭᠤᠯᠢ ᠲᠠᠢ ᠬᠠᠮᠲᠤᠷᠠᠨ ︽ᠬᠤᠭ ᠨᠣᠪᠰᠢ ᠶᠢ ᠲᠥᠷᠥᠯ ᠬᠤᠪᠢᠶᠠᠬᠤ ᠶᠢ ᠥᠪᠡᠷ ᠤᠨ ᠪᠡᠶ᠎ᠡ ᠠᠴᠠ ᠪᠠᠨ ᠡᠬᠢᠯᠡᠵᠦ ᠬᠢᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤᠮᠳᠠ᠂ ᠪᠠ ᠢ ᠵᠠᠮ ᠤᠨ ᠪᠠᠭ᠎ᠠ ᠰᠤᠷᠭᠠᠭᠤᠯᠢ ᠶᠢᠨ ᠰᠣᠷᠣᠭᠴᠢ ᠰᠠᠶᠢᠨ ᠳᠤᠷᠠᠴᠢᠨ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ᠂ ᠬᠤᠭ ᠨᠣᠪᠰᠢ ᠶᠢ ᠬᠡᠷᠬᠢᠨ ᠲᠥᠷᠥᠯ ᠬᠤᠪᠢᠶᠠᠬᠤ ᠵᠡᠷᠭᠡ ᠠᠭᠤᠯᠭ᠎ᠠ ᠶᠢ ᠲᠠᠨᠢᠯᠴᠠᠭᠤᠯᠬᠤ ᠶᠢᠨ ᠬᠠᠮᠲᠤ ᠨᠡᠶᠢᠭᠡᠮ ᠲᠣᠭᠤᠷᠢᠭ ᠤᠨ ᠠᠵᠢᠯᠲᠠᠨ ᠲᠤᠬᠠᠢ ᠶᠢᠨ ᠲᠠᠯᠠᠪᠤᠷ ᠲᠤ ᠰᠣᠷᠣᠭᠴᠢ ᠵᠢᠴᠢ ᠰᠠᠭᠤᠭᠠᠯᠢ ᠠᠷᠠᠳ ᠲᠤ ᠭᠡᠷ ᠪᠦᠯᠢ ᠶᠢᠨ ᠬᠤᠭ ᠨᠣᠪᠰᠢ ᠶᠢ ᠬᠡᠷᠬᠢᠨ ᠵᠥᠪ ᠬᠠᠶᠠᠬᠤ ᠶᠢ ᠵᠢᠭᠠᠨ ᠵᠢᠯᠤᠭᠤᠳᠴᠤ᠂ ᠲᠡᠳᠡᠨ ᠤ ᠬᠤᠭ ᠨᠤᠪᠰᠢ ᠶᠢ ᠲᠥᠷᠥᠯ ᠬᠤᠪᠢᠶᠠᠨ ᠬᠠᠶᠠᠬᠤ ᠳᠠᠳᠬᠠᠯ ᠲᠠᠢ ᠶᠢ ᠨᠢ ᠬᠦᠳᠦᠯᠦᠨ ᠵᠢᠯᠤᠭᠤᠳᠪᠠ᠃       ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ