ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2022/9/28
res07_attpic_brief (2).jpg
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠦᠵᠡᠯ ᠰᠠᠨᠠᠭ᠎ᠠ ᠲᠠᠨᠢᠯᠲᠠ ᠪᠠ ᠥᠪᠡᠷ ᠢ ᠪᠠᠨ ᠬᠠᠮᠠᠭᠠᠯᠠᠬᠤ  ᠰᠡᠷᠭᠡᠶᠢᠯᠡᠨ ᠡᠵᠡᠮᠳᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠨᠢ ᠲᠦᠷᠦᠭᠦᠬᠡᠨ ᠰᠠᠶᠢᠨ  ᠲᠤᠷᠠᠴᠢᠳ ᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠰᠠᠶᠢᠨ ᠳᠤᠷᠠᠴᠢᠳ ᠡᠮᠨᠡᠯᠭᠡ  ᠶᠢᠨ ᠬᠤᠷᠢᠶᠠᠨ ᠤ ᠲᠡᠷᠭᠡᠨ ᠵᠣᠭᠰᠣᠭᠠᠯ᠂ ᠡᠭᠦᠳᠡᠨ ᠡᠮᠨᠡᠯᠭᠡ  ᠶᠢᠨ ᠶᠡᠭᠡ ᠲᠢᠩᠬᠢᠮ᠂ ᠡᠭᠦᠳᠡᠨ ᠡᠮᠨᠡᠯᠭᠡ  ᠶᠢᠨ ᠡᠮᠴᠢᠯᠡᠭᠡᠨ ᠤ ᠲᠠᠰᠤᠭ ᠤᠨ ᠭᠤᠷᠪᠠᠨ ᠳᠠᠪᠬᠤᠷᠭ᠎ᠠ᠂ ᠪᠥᠭᠡᠮ ᠬᠦᠴᠢᠯ ᠤᠨ ᠦᠯᠢᠭᠡᠷ ᠠᠪᠬᠤ ᠭᠠᠵᠠᠷ ᠲᠤ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ ᠡᠮᠴᠢᠯᠡᠭᠦᠯᠬᠦ ᠪᠠᠷ ᠢᠷᠡᠭᠰᠡᠨ ᠣᠯᠠᠨ ᠲᠦᠮᠡᠨ ᠤᠨ ᠠᠮᠠᠪᠴᠢ ᠪᠠᠨ  ᠵᠢᠷᠤᠮᠵᠢᠭᠤᠨ ᠵᠡᠭᠦᠬᠦ᠂ ᠲᠡᠷᠭᠡ ᠪᠠᠨ ᠵᠢᠷᠤᠮᠵᠢᠭᠤᠨ ᠵᠣᠭᠰᠤᠭᠠᠬᠤ᠂ ᠪᠣᠯᠪᠠᠰᠤᠨ ᠢᠶᠠᠷ ᠡᠮᠨᠡᠭᠦᠯᠬᠦ ᠪᠠ ᠪᠥᠭᠡᠮ ᠬᠦᠴᠢᠯ ᠤᠨ ᠦᠯᠢᠭᠡᠷ ᠠᠪᠬᠤ ᠠᠵᠢᠯ  ᠢ ᠥᠨᠳᠥᠷ ᠪᠦᠲᠦᠮᠵᠢᠲᠡᠶ ᠥᠷᠨᠢᠬᠦᠯᠬᠦ ᠶᠢ ᠬᠦᠲᠦᠯᠦᠨ ᠵᠢᠯᠤᠭᠤᠳᠪᠠ᠃      ᠰᠤᠷᠪᠤᠯᠵᠢᠯᠠᠭᠴᠢ ᠯᠢᠶᠠᠩ ᠵᠢᠩ ᠱᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ