ᠾᠧ ᠬᠠᠢ ᠳ᠋ᠦᠩ ᠪᠡᠭᠡᠵᠢᠩ ᠤᠨ ᠬᠤᠩ ᠹᠦ᠋ ᠲᠠᠷᠢᠶᠠᠯᠠᠩ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠡᠳ᠋ ᠳᠠᠷᠤᠭ᠎ᠠ ᠵᠦ ᠰᠢᠤᠸᠠᠢ ᠳ᠋ᠦᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/9/29
      ︵ᠰᠤᠷᠪᠤᠯᠵᠢᠯᠠᠭᠴᠢ ᠯᠢᠶᠠᠩ ᠵᠢᠩ ᠱᠸ︶ 9 ᠳ᠋ᠤᠭᠡᠷ ᠰᠠᠷ᠎ᠠ ᠶᠢᠨ 28 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠪᠡᠭᠡᠵᠢᠩ ᠤᠨ ᠬᠤᠩ ᠹᠦ᠋ ᠲᠠᠷᠢᠶᠠᠯᠠᠩ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠡᠳ᠋ ᠳᠠᠷᠤᠭ᠎ᠠ ᠵᠦ ᠰᠢᠤᠸᠠᠢ ᠳ᠋ᠦᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠤᠳᠤ ᠦᠶ᠎ᠡ ᠶᠢᠨ ᠲᠠᠷᠢᠶᠠᠯᠠᠩ ᠵᠡᠷᠭᠡ ᠲᠠᠯ᠎ᠠ ᠶᠢᠨ ᠤᠴᠢᠷ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃      ᠾᠧ ᠬᠠᠢ ᠳ᠋ᠦᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠵᠦ ᠰᠢᠤᠸᠠᠢ ᠳ᠋ᠦᠩ ᠨᠠᠷ ᠤᠨ ᠬᠥᠬᠡᠬᠤᠲᠠ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠪᠡᠭᠡᠵᠢᠩ ᠤᠨ ᠬᠤᠩ ᠹᠦ᠋ ᠲᠠᠷᠢᠶᠠᠯᠠᠩ ᠤᠨ ᠪᠦᠯᠦᠭᠯᠡᠯ ᠪᠣᠯ ᠤᠯᠤᠰ ᠤᠨ ᠳᠣᠲᠣᠭᠠᠳᠤ ᠶᠢᠨ ᠨᠥᠯᠥᠭᠡᠯᠡᠬᠦ ᠬᠦᠴᠦᠨ ᠲᠠᠢ ᠠᠵᠤ ᠠᠬᠤᠶᠢᠯᠠᠯ ᠪᠣᠯᠣᠨ᠎ᠠ᠂ ᠬᠥᠬᠡᠬᠤᠲᠠ ᠶᠢᠨ ᠠᠭᠤᠷ ᠠᠮᠢᠰᠬᠤᠯ ᠤᠨ ᠳᠠᠪᠠᠭᠤᠯᠢᠭ ᠢᠯᠡᠷᠬᠡᠢ ᠶᠤᠮ᠂ ᠲᠠᠨ ᠤ ᠪᠦᠯᠦᠭᠯᠡᠯ ᠨᠢ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠷᠣᠨ ᠤ ᠲᠥᠪ ᠤᠨ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠨᠡᠮᠡᠷᠢᠯᠡᠵᠦ᠂ ᠪᠦᠬᠦ ᠬᠤᠳᠠ ᠶᠢᠨ  ᠪᠡᠯᠡᠳᠬᠡᠮᠵᠢᠲᠦ ᠲᠠᠷᠢᠶᠠᠯᠠᠩ ᠤᠨ ᠪᠣᠬᠢᠷᠳᠤᠯ ᠦᠭᠡᠢ᠂ ᠣᠶᠤᠨᠴᠢᠯᠠᠭᠰᠠᠨ  ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠬᠦᠴᠦᠲᠡᠢ ᠳᠠᠶᠢᠴᠢᠯᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠬᠢᠨ ᠠᠵᠤ ᠠᠬᠤᠶᠢᠯᠠᠯ ᠳᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠠᠩᠭᠠᠵᠤ᠂ ᠠᠵᠤ ᠠᠬᠤᠶᠢᠯᠠᠯ ᠤᠨ ᠣᠷᠣᠨ ᠤ ᠲᠥᠪ ᠲᠤ ᠪᠡᠯᠡ  ᠣᠷᠤᠭᠤᠯᠤᠨ ᠤᠷᠤᠭᠰᠢᠲᠠᠢ ᠬᠥᠭᠵᠢᠬᠦ ᠳᠤ ᠬᠦᠴᠦᠨ ᠨᠡᠮᠡᠷᠢᠯᠡᠨ᠎ᠡ ᠭᠡᠵᠡᠢ᠃      ᠵᠦ ᠰᠢᠤᠸᠠᠢ ᠳ᠋ᠦᠩ ᠠᠵᠤ ᠠᠬᠤᠶᠢᠯᠠᠯ ᠤᠨ ᠢᠶᠠᠨ ᠬᠥᠭᠵᠢᠯᠲᠡ  ᠶᠢᠨ ᠪᠠᠶᠢᠳᠠᠯ  ᠢ ᠲᠣᠪᠴᠢ  ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠬᠥᠬᠡᠬᠤᠲᠠ ᠶᠢᠨ  ᠪᠡᠯᠡᠳᠭᠡᠮᠵᠢᠲᠦ ᠲᠠᠷᠢᠶᠠᠯᠠᠩ ᠢ ᠬᠥᠭᠵᠢᠭᠦᠯᠬᠦ ᠳᠤ ᠨᠡᠯᠢᠶᠡᠳ ᠰᠠᠶᠢᠨ ᠪᠠᠶᠢᠭᠠᠯᠢ ᠭᠠᠵᠠᠷ ᠵᠦᠢ ᠶᠢᠨ ᠨᠥᠬᠦᠴᠡᠯ ᠲᠠᠢ ᠶᠤᠮ᠂ ᠮᠠᠨ ᠤ ᠪᠦᠯᠦᠭᠯᠡᠯ ᠲᠤᠰ ᠪᠡᠶ᠎ᠡ ᠶᠢᠨ ᠲᠤᠷᠰᠢᠯᠭ᠎ᠠ ᠪᠣᠯᠣᠨ ᠳᠠᠪᠠᠭᠤᠯᠢᠭ ᠢᠶᠠᠨ ᠪᠠᠳᠠᠷᠠᠭᠤᠯᠵᠤ᠂ ᠣᠷᠣᠨ ᠤ ᠲᠥᠪ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠦᠨᠡᠨᠬᠦ ᠶᠠᠪᠤᠭᠳᠠᠭᠤᠰᠢᠲᠠᠢ ᠲᠥᠰᠥᠯ ᠲᠣᠭᠲᠠᠭᠠᠵᠤ᠂ ᠣᠷᠣᠨ ᠤ ᠲᠥᠪ ᠤᠨ ᠲᠠᠷᠢᠶᠠᠯᠠᠩ ᠤᠨ ᠲᠦᠷᠦᠯ  ᠲᠡᠮᠳᠡᠭᠵᠢᠭᠰᠡᠨ᠂ ᠳᠡᠭᠡᠳᠦ ᠲᠡᠰᠴᠢᠭᠰᠡᠨ ᠬᠥᠭᠵᠢᠯᠲᠡ ᠳᠤ ᠬᠦᠴᠦ ᠨᠡᠮᠡᠷᠢᠯᠡᠨ᠎ᠡ ᠭᠡᠵᠡᠢ᠃      ᠬᠤᠳᠠ ᠶᠢᠨ ᠳᠡᠳ᠋ ᠳᠠᠷᠤᠭ᠎ᠠ ᠯᠢ ᠰᠢᠶᠣᠣ ᠶᠠᠨ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠤᠯᠪᠤᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ