9 ᠳ᠋ᠤᠭᠡᠷ ᠰᠠᠷ᠎ᠠ ᠶᠢᠨ 28 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/29
      9 ᠳ᠋ᠤᠭᠡᠷ ᠰᠠᠷ᠎ᠠ ᠶᠢᠨ 28 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ  ᠣᠷᠣᠨ ᠨᠤᠲᠤᠭ ᠤᠨ ᠡᠪᠡᠳᠴᠢᠨ ᠤ  ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ  ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 1ᠨᠡᠮᠡᠭᠳᠡᠪᠡ ︵ᠬᠥᠬᠡᠬᠤᠲᠠ ᠳᠤ ᠪᠣᠢ︶᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 1 ᠪᠠᠶᠢᠵᠤ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ ᠳᠤ ᠪᠠᠶᠢᠪᠠ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 24 ᠬᠥᠮᠥᠨ ᠢᠯᠠᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠯᠥᠨ ᠪᠤᠶᠢᠷ ᠬᠤᠲᠠ ᠳᠤ 2 ︵ᠴᠥᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 22 ︵ᠰᠦᠩᠱᠠᠨ ᠲᠣᠭᠤᠷᠢᠭ ᠲᠤ 10᠂ ᠣᠩᠨᠢᠭᠤᠳ ᠬᠤᠰᠢᠭᠤᠨ ᠳᠤ 12︶ ᠪᠣᠢ᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 22 ᠬᠥᠮᠥᠨ ᠢ ᠠᠨᠠᠭᠠᠬᠤ ᠤᠬᠠᠭᠠᠨ  ᠠᠵᠢᠭᠯᠠᠯᠲᠠ ᠠᠴᠠ ᠭᠠᠷᠭᠠᠪᠠ᠂ ᠴᠥᠮ ᠤᠯᠠᠭᠠᠨᠬᠠᠳᠠ ᠬᠤᠲᠠ ᠳᠤ ︵ᠰᠦᠩᠱᠠᠨ ᠲᠣᠭᠤᠷᠢᠭ ᠲᠤ 12᠂ ᠣᠩᠨᠢᠭᠤᠳ ᠬᠤᠰᠢᠭᠤᠨ ᠳᠤ 10 ᠪᠣᠢ︶ ᠪᠣᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 3 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 1 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ  ᠬᠤᠪᠢᠶᠠᠷᠢᠯᠠᠨ ᠪᠠᠭᠤᠯᠭᠠᠭᠰᠠᠨ ᠳᠤ ᠪᠠᠶᠢᠪᠠ᠃      9 ᠳ᠋ᠤᠭᠡᠷ ᠰᠠᠷ᠎ᠠ ᠶᠢᠨ 28 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 72 ᠪᠣᠶ᠂ ᠡᠭᠦᠨ ᠳᠤ ᠬᠥᠬᠡᠬᠤᠲᠠ ᠳᠤ 1᠂ ᠪᠤᠭᠤᠲᠤ ᠬᠤᠲᠠ ᠳᠤ 1 ︵ᠳ᠋ᠦᠩ ᠾᠧ ᠲᠣᠭᠤᠷᠢᠭ ᠲᠤ ᠪᠣᠶ︶᠂ ᠤᠯᠠᠭᠠᠨᠬᠠᠳᠠ ᠬᠤᠲᠠ ᠳᠤ 70 ︵ᠰᠦᠩᠱᠠᠨ ᠲᠣᠭᠤᠷᠢᠭ ᠲᠤ 43᠂ ᠣᠩᠨᠢᠭᠤᠳ ᠬᠤᠰᠢᠭᠤᠨ ᠳᠤ 23᠂ ᠠᠷᠤ ᠬᠤᠷᠴᠢᠨ ᠬᠤᠰᠢᠭᠤᠨ ᠳᠤ 4 ᠪᠣᠢ︶ ᠪᠣᠢ ᠂ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 82 ᠪᠣᠶ᠂ ᠡᠭᠦᠨ ᠳᠤ ᠤᠯᠠᠭᠠᠨᠬᠠᠳᠠ ᠬᠤᠲᠠ ᠳᠤ 78 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 35᠂ ᠣᠩᠨᠢᠭᠤᠳ ᠬᠤᠰᠢᠭᠤᠨ ᠳᠤ 42 ᠪᠣᠢ︶᠂ ᠪᠠᠶᠠᠨᠨᠠᠭᠤᠷ ᠬᠤᠲᠠ ᠳᠤ 4 ︵ᠴᠥᠮ ᠯᠢᠨ ᠾᠧ ᠲᠣᠭᠤᠷᠢᠭ ᠲᠤ ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 14᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ  ᠰᠡᠷᠭᠡᠶᠢᠯᠡᠵᠦ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ