1 ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢ ᠢᠯᠡᠷᠡᠭᠦᠯᠦᠭᠰᠡᠨ ᠲᠤᠬᠠᠢ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/9/29
                    ︵2022 ᠣᠨ ᠤ 78 ᠳ᠋ᠤᠭᠠᠷ ᠲᠣᠭᠠᠲᠤ︶      2022 ᠣᠨ ᠤ 9 ᠳ᠋ᠤᠭᠡᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠵᠢᠯᠲᠠᠨ ᠳᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠬᠢᠵᠦ ᠪᠠᠶᠢᠴᠠᠭᠠᠬᠤ ᠶᠤᠰᠤᠳᠠᠢ ᠶᠢ ᠨᠢ ᠪᠦᠬᠦᠨ ᠢ ᠪᠠᠶᠢᠴᠠᠭᠠᠬᠤ ᠳᠤᠮᠳᠠ 1 ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢ ᠢᠯᠡᠷᠡᠭᠦᠯᠪᠡ᠂ ᠲᠣᠰ ᠡᠪᠡᠳᠴᠢᠨ ᠤ ᠵᠢᠱᠢᠶ᠎ᠡ ᠨᠢ 7 ᠳ᠋ᠤᠭᠠᠷ ᠰᠠᠷ᠎ᠠ ᠶᠢᠨ 11 ᠤ ᠡᠳᠦᠷ ᠲᠦᠩᠯᠢᠶᠣᠣ ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠮᠠᠨ ᠤ ᠬᠤᠲᠠ ᠳᠤ ᠢᠷᠡᠭᠰᠡᠨ ᠳᠠᠳᠤᠯᠭ᠎ᠠ ᠶᠢᠨ ᠰᠤᠪᠢᠯᠠᠭᠴᠢ ᠪᠠᠶᠢᠵᠤ᠂ ᠨᠢᠭᠡᠨᠲᠡ ᠲᠤᠭᠲᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠵᠦ ᠲᠤᠰᠠᠭᠠᠷᠯᠠᠨ ᠡᠮᠨᠡᠵᠦ ᠪᠠᠶᠢᠨ᠎ᠠ᠃ ᠲᠣᠰ ᠡᠪᠡᠳᠴᠢᠨ ᠤ ᠵᠢᠱᠢᠶ᠎ᠡ ᠶᠢᠨ ᠣᠶᠢᠷ᠎ᠠ ᠬᠠᠪᠢᠳᠠᠯ᠂ ᠳᠠᠮ ᠣᠶᠢᠷ᠎ᠠ ᠬᠠᠪᠢᠳᠠᠯ ᠴᠥᠮ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠢᠭᠡᠨᠲᠡ ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠨᠢ ᠨᠢᠭᠡᠨᠲᠡ ᠭᠠᠷᠤᠭᠰᠠᠨ ᠪᠦᠭᠡᠳ ᠴᠥᠮ ᠪᠢᠯᠢᠭ ᠴᠢᠨᠠᠷᠲᠠᠢ᠃ ᠬᠢᠵᠢᠭ ᠬᠠᠯᠳᠠᠪᠤᠷᠢᠯᠠᠬᠤ ᠵᠠᠮ ᠢ ᠡᠷᠡᠰ ᠲᠠᠰᠤᠯᠵᠤ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠲᠠ᠂ ᠡᠳᠦᠭᠡ ᠲᠣᠰ ᠤᠳᠠᠭᠠᠨ ᠤ ᠬᠢᠵᠢᠭ ᠤᠨ ᠪᠠᠶᠢᠳᠠᠯ ᠳᠤ ᠳᠣᠣᠷᠠᠬᠢ ᠮᠡᠲᠦ ᠠᠷᠭ᠎ᠠ ᠬᠡᠮᠵᠢᠶ᠎ᠡ ᠶᠢ ᠠᠪᠤᠶ᠎ᠠ᠄      ᠨᠢᠭᠡ᠂ ᠲᠣᠳᠤᠯᠠᠭᠰᠠᠨ ᠡᠪᠡᠳᠴᠢᠨ ᠤ ᠵᠢᠱᠢᠶ᠎ᠡ ᠲᠠᠢ ︽ᠨᠢᠭᠡ ᠴᠠᠭ ᠬᠤᠭᠤᠴᠠᠭ᠎ᠠ ᠪᠠ ᠣᠷᠣᠨ ᠵᠠᠢ ᠳᠤ ᠬᠠᠮᠳᠤ ᠪᠠᠶᠢᠯᠴᠠᠭᠰᠠᠨ ︾ ᠬᠤᠯᠪᠤᠭᠳᠠᠬᠤ ᠬᠥᠮᠥᠰ ᠲᠤ ᠴᠢᠭᠯᠡᠭᠦᠯᠦᠨ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠡᠨᠲᠡ ᠲᠣᠮᠣ ᠳ᠋ᠠᠶᠢᠲ᠋ᠠ ᠪᠠᠷ ᠬᠠᠷᠢᠴᠠᠭᠤᠯᠵᠤ ᠪᠠᠶᠢᠭᠠᠳ ︽  ᠬᠦᠬᠡᠬᠤᠲᠠ ᠶᠢᠨ ᠺᠣᠳ᠋︾ ᠳᠡᠭᠡᠷ᠎ᠡ ᠨᠢ  ᠠᠩᠬᠠᠷᠠᠭᠤᠯᠤᠨ ᠰᠠᠨᠠᠭᠤᠯᠬᠤ ᠴᠣᠩᠬᠤ ᠢᠯᠡᠷᠡᠭᠦᠯᠬᠦ ᠬᠠᠮᠢᠶᠠᠷᠤᠯᠳᠠ ᠶᠢ ᠠᠪᠤᠪᠠ᠂ ︽ ᠬᠦᠬᠡᠬᠤᠲᠠ ᠶᠢᠨ ᠺᠣᠳ᠋︾ ᠳᠡᠭᠡᠷ᠎ᠡ ᠨᠢ ᠰᠠᠨᠠᠭᠤᠯᠤᠮᠵᠢ ᠶᠢᠨ ᠴᠣᠩᠬᠤ ᠢᠯᠡᠷᠡᠭᠰᠡᠨ ᠬᠤᠲᠠ ᠶᠢᠨ ᠠᠷᠠᠳ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠲᠤ ᠪᠠᠨ ᠮᠡᠳᠡᠭᠦᠯᠦᠨ ᠳᠠᠩᠰᠠᠯᠠᠭᠤᠯᠵᠤ᠂ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ ᠳᠠᠷᠤᠶᠢᠬᠠᠨ ᠪᠡᠶ᠎ᠡ ᠶᠢᠨ ᠦᠨᠡᠮᠯᠡᠯ ᠢᠶᠠᠨ ᠠᠪᠴᠤ ᠣᠶᠢᠷ᠎ᠠ ᠬᠠᠪᠢ ᠶᠢᠨ ᠪᠦᠭᠡᠮ ᠬᠦᠴᠢᠯ ᠢ ᠪᠠᠶᠢᠴᠠᠭᠠᠨ ᠰᠢᠯᠭᠠᠬᠤ ᠴᠡᠭ ᠲᠤ ᠬᠦᠷᠴᠦ ᠪᠥᠭᠡᠮ ᠬᠦᠴᠢᠯ ᠤᠨ ᠪᠠᠶᠢᠴᠠᠭᠠᠯᠲᠠ ᠬᠢᠭᠡᠷᠡᠢ᠂ ᠵᠠᠮ ᠵᠠᠭᠤᠷ᠎ᠠ ᠪᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠵᠦ᠂ 3 ᠡᠳᠦᠷ ᠲᠤ 2 ᠤᠳᠠᠭ᠎ᠠ ᠪᠠᠶᠢᠴᠠᠭᠠᠬᠤ ︵ᠬᠤᠶᠠᠷ ᠤᠳᠠᠭ᠎ᠠ ᠶᠢᠨ ᠪᠠᠶᠢᠴᠠᠭᠠᠯᠲᠠ ᠶᠢᠨ ᠠᠯᠤᠰᠯᠠᠬᠤ ᠵᠠᠢ  ᠨᠢ 24 ᠴᠠᠭ ᠠᠴᠠ ᠳᠡᠭᠡᠭᠰᠢ ᠪᠠᠶᠢᠬᠤ︶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠭᠠᠷᠬᠤ ᠠᠴᠠ ᠡᠮᠦᠨ᠎ᠡ᠂ ᠤᠬᠠᠮᠰᠠᠷ ᠠᠴᠠ ᠪᠠᠨ ᠭᠡᠷ ᠲᠡᠭᠡᠨ ᠰᠠᠭᠤᠵᠤ ᠲᠤᠰᠠᠭᠠᠷᠯᠠᠭᠠᠷᠠᠢ᠃ ᠬᠤᠶᠠᠳᠤᠭᠠᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠪᠢᠯᠢᠭ ᠴᠢᠨᠠᠷᠲᠠᠢ ᠪᠣᠯ ︽ ᠬᠦᠬᠡᠬᠤᠲᠠ ᠶᠢᠨ ᠺᠣᠳ᠋︾ ᠳᠡᠭᠡᠷᠡᠬᠢ ᠰᠠᠨᠠᠭᠤᠯᠤᠮᠵᠢ ᠶᠢᠨ ᠴᠣᠩᠬᠤ ᠨᠢ ᠠᠶᠠᠨᠳᠠᠭᠠᠨ ᠠᠷᠢᠯᠤᠨ᠎ᠠ᠃      ᠬᠤᠶᠠᠷ᠂ ᠥᠷᠭᠡᠨ ᠣᠯᠠᠨ ᠬᠤᠲᠠ ᠶᠢᠨ ᠠᠷᠠᠳ ᠥᠪᠡᠷ ᠢ ᠪᠠᠨ ᠬᠠᠮᠠᠭᠠᠯᠠᠬᠤ ᠤᠬᠠᠮᠰᠠᠷ ᠢ ᠪᠣᠶ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠤᠭᠳᠠᠯ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ᠂ ︽ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠬᠦ᠂  ᠪᠦᠭᠡᠮᠨᠡᠷᠡᠵᠦ ᠴᠤᠭᠯᠠᠷᠠᠬᠤ ᠶᠢ ᠪᠠᠭᠠᠰᠬᠠᠬᠤ︾ ᠵᠡᠷᠭᠡ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠨ᠂ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠣᠶᠢᠷ᠎ᠠ ᠬᠠᠪᠢ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠴᠠᠭ ᠲᠤᠬᠠᠢ ᠳᠤᠨᠢ ᠬᠦᠷᠴᠦ ᠪᠠᠶᠢᠴᠠᠭᠠᠯᠭᠠᠨ ᠡᠮᠴᠢᠯᠡᠭᠦᠯᠬᠦ ᠬᠡᠷᠡᠭᠲᠡᠢ᠂ ᠵᠠᠮ ᠵᠠᠭᠤᠷ᠎ᠠ ᠪᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠶᠢᠨ ᠬᠠᠮᠲᠤ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠭᠡᠷᠡᠢ᠃      ᠭᠤᠷᠪᠠ᠂ ᠲᠣᠰ ᠡᠳᠦᠷ ᠠᠴᠠ ᠡᠬᠢᠯᠡᠨ᠂ ᠪᠥᠬᠦ ᠬᠤᠲᠠ ᠶᠢᠨ ᠡᠯ᠎ᠡ ᠪᠥᠭᠡᠮ ᠬᠦᠴᠢᠯ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠰᠦᠢᠳᠬᠡᠯ ᠬᠤᠷᠢᠶᠠᠬᠤ ᠦᠭᠡᠢ ᠪᠠᠷ ᠪᠥᠭᠡᠮ ᠬᠦᠴᠢᠯ ᠤᠨ ᠪᠠᠶᠢᠴᠠᠭᠠᠯᠲᠠ ᠬᠢᠵᠦ ᠦᠭᠭᠦᠨ᠎ᠡ᠂ ᠭᠤᠣᠯᠳᠠᠯᠭ᠎ᠠ ᠲᠠᠢ ᠣᠷᠣᠨ ᠪᠦᠰᠡ ᠠᠴᠠ ᠭᠠᠳᠠᠨᠠᠬᠢ ᠥᠷᠭᠡᠨ ᠣᠯᠠᠨ ᠬᠤᠲᠠ ᠶᠢᠨ ᠠᠷᠠᠳ ᠰᠠᠶᠢᠨ ᠳᠤᠷ᠎ᠠ ᠠᠴᠠ ᠪᠠᠨ ᠪᠥᠭᠡᠮ ᠬᠦᠴᠢᠯ ᠤᠨ ᠪᠠᠶᠢᠴᠠᠭᠠᠯᠲᠠ ᠬᠢᠭᠡᠷᠡᠢ᠃      ᠳᠥᠷᠪᠡ᠂ ᠥᠷᠭᠡᠨ ᠣᠯᠠᠨ ᠬᠤᠲᠠ ᠶᠢᠨ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠪᠤᠭᠰᠠᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ  ᠠᠴᠠ ᠪᠠᠨ ᠬᠠᠮᠵᠢᠯᠴᠠᠵᠤ᠂ ᠠᠶᠤᠵᠤ ᠰᠠᠨᠳᠤᠷᠬᠤ ᠦᠭᠡᠢ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠃ ᠬᠠᠮᠵᠢᠯᠴᠠᠬᠤ  ᠦᠭᠡᠢ᠂ ᠳᠡᠮᠵᠢᠬᠦ ᠦᠭᠡᠢ᠂ ᠪᠥᠭᠡᠮ ᠬᠦᠴᠢᠯ ᠤᠨ ᠪᠠᠶᠢᠴᠠᠭᠠᠯᠲᠠ ᠠᠴᠠ ᠵᠣᠷᠢᠭᠤᠳᠠ ᠵᠠᠶᠢᠯᠠᠭᠰᠠᠨ᠂ ᠡᠮᠬᠢ ᠵᠢᠷᠤᠮ ᠢ ᠰᠠᠮᠠᠭᠤᠷᠠᠭᠤᠯᠤᠭᠰᠠᠨ᠂  ᠨᠢᠭᠤᠭᠠᠳ ᠮᠡᠳᠡᠭᠦᠯᠦᠭᠰᠡᠨ ᠦᠭᠡᠢ᠂ ᠬᠤᠳᠠᠯ ᠢᠶᠠᠷ ᠮᠡᠳᠡᠭᠦᠯᠦᠭᠰᠡᠨ᠂  ᠮᠡᠳᠡᠭᠡ ᠵᠠᠩᠭᠢ ᠶᠢ ᠬᠠᠭᠤᠷᠮᠠᠭᠯᠠᠨ ᠵᠣᠬᠢᠶᠠᠭᠰᠠᠨ ᠰᠡᠵᠢᠭᠯᠡᠯᠲᠡᠢ ᠬᠥᠮᠥᠰ ᠠᠴᠠ ᠬᠠᠤᠯᠢ ᠶᠣᠰᠣᠭᠠᠷ ᠴᠢᠩᠭ᠎ᠠ ᠬᠠᠤᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠡ᠃                   ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ                   ᠠᠷᠭᠠᠴᠠᠭᠠᠵᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                                    2022 ᠣᠨ ᠤ 9 ᠳ᠋ᠤᠭᠡᠷ ᠰᠠᠷ᠎ᠠ ᠶᠢᠨ 28 ᠤ ᠡᠳᠦᠷ
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ