9 ᠳ᠋ᠤᠭᠡᠷ ᠰᠠᠷ᠎ᠠ ᠶᠢᠨ 29 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/30
      9 ᠳ᠋ᠤᠭᠡᠷ ᠰᠠᠷ᠎ᠠ ᠶᠢᠨ 29 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ  ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠪᠡ ︵ᠬᠥᠬᠡᠬᠤᠲᠠ ᠳᠤ ᠪᠣᠢ︶᠃ ᠣᠷᠣᠨ ᠨᠤᠲᠤᠭ ᠤᠨ ᠲᠣᠳᠤᠯᠠᠭᠰᠠᠨ  ᠡᠪᠡᠳᠴᠢᠨ ᠤ ᠵᠢᠱᠢᠶ᠎ᠡ ᠠᠴᠠ 13  ᠡᠮᠨᠡᠭᠡ ᠠᠴᠠ ᠭᠠᠷᠪᠠ᠂ ᠴᠥᠮ ᠤᠯᠠᠭᠠᠨᠬᠠᠳᠠ ᠬᠤᠲᠠ ᠳᠤ ︵ᠰᠦᠩᠱᠠᠨ ᠲᠣᠭᠤᠷᠢᠭ ᠲᠤ 9 ᠂ ᠣᠩᠨᠢᠭᠤᠳ ᠬᠤᠰᠢᠭᠤᠨ ᠳᠤ 3᠂ ᠠᠷᠤ ᠬᠤᠷᠴᠢᠨ ᠬᠤᠰᠢᠭᠤᠨ ᠳᠤ 1︶  ᠪᠣᠢ᠂  ᠣᠷᠣᠨ ᠨᠤᠲᠤᠭ ᠤᠨ ᠡᠪᠡᠳᠴᠢᠨ ᠤ  ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 14  ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠪᠠᠶᠠᠨᠨᠠᠭᠤᠷ ᠬᠤᠲᠠ ᠳᠤ 1 ︵ᠯᠢᠨ ᠾᠧ ᠲᠣᠭᠤᠷᠢᠭ ᠲᠤ ᠪᠣᠢ︶᠂ ᠤᠯᠠᠭᠠᠨᠬᠠᠳᠠ ᠬᠤᠲᠠ ᠳᠤ 13 ︵ᠰᠦᠩᠱᠠᠨ ᠲᠣᠭᠤᠷᠢᠭ ᠲᠤ 3᠂ ᠣᠩᠨᠢᠭᠤᠳ ᠬᠤᠰᠢᠭᠤᠨ ᠳᠤ 10  ᠪᠣᠢ︶  ᠪᠣᠢ᠃ ᠬᠢᠯᠢ ᠶᠢᠨ ᠭᠠᠳᠠᠨ᠎ᠠ ᠠᠴᠠ  ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 1  ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ  ᠬᠤᠪᠢᠶᠠᠷᠢᠯᠠᠨ ᠰᠢᠯᠵᠢᠭᠦᠯᠦᠭᠰᠡᠨ ᠳᠤ ᠪᠠᠶᠢᠪᠠ᠃      9 ᠳ᠋ᠤᠭᠡᠷ ᠰᠠᠷ᠎ᠠ ᠶᠢᠨ 29 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 60 ᠪᠣᠶ᠂ ᠡᠭᠦᠨ ᠳᠤ ᠬᠥᠬᠡᠬᠤᠲᠠ ᠳᠤ 2᠂ ᠪᠤᠭᠤᠲᠤ ᠬᠤᠲᠠ ᠳᠤ 1 ︵ᠳ᠋ᠦᠩ ᠾᠧ ᠲᠣᠭᠤᠷᠢᠭ ᠲᠤ ᠪᠣᠶ︶᠂ ᠤᠯᠠᠭᠠᠨᠬᠠᠳᠠ ᠬᠤᠲᠠ ᠳᠤ 57 ︵ᠰᠦᠩᠱᠠᠨ ᠲᠣᠭᠤᠷᠢᠭ ᠲᠤ 34᠂ ᠣᠩᠨᠢᠭᠤᠳ ᠬᠤᠰᠢᠭᠤᠨ ᠳᠤ 20᠂ ᠠᠷᠤ ᠬᠤᠷᠴᠢᠨ ᠬᠤᠰᠢᠭᠤᠨ ᠳᠤ 3 ᠪᠣᠢ︶᠂  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 68 ᠪᠣᠶ᠂ ᠡᠭᠦᠨ ᠳᠤ ᠤᠯᠠᠭᠠᠨᠬᠠᠳᠠ ᠬᠤᠲᠠ ᠳᠤ 65 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 32᠂ ᠣᠩᠨᠢᠭᠤᠳ ᠬᠤᠰᠢᠭᠤᠨ ᠳᠤ 32 ᠪᠣᠢ︶᠂ ᠪᠠᠶᠠᠨᠨᠠᠭᠤᠷ ᠬᠤᠲᠠ ᠳᠤ 3 ︵ᠴᠥᠮ ᠯᠢᠨ ᠾᠧ ᠲᠣᠭᠤᠷᠢᠭ ᠲᠤ ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ  ᠵᠢᠱᠢᠶ᠎ᠡ 13᠂ ᠡᠪᠡᠳᠴᠢᠨ ᠤ ᠢᠯᠡᠷᠡᠯ ᠦᠭᠡᠢ ᠪᠠᠷ  ᠬᠠᠯᠳᠠᠪᠤᠷᠢᠯᠠᠭᠳᠠᠭᠴᠢ 2 ᠪᠠᠶᠢᠵᠤ᠂ ᠬᠥᠬᠡᠬᠤᠲᠠ ᠳᠤ ᠪᠣᠢ᠃ ᠳᠡᠭᠡᠷᠡᠬᠢ ᠬᠥᠮᠥᠰ ᠢ ᠴᠥᠮ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ