ᠲᠦᠭᠰᠢᠭᠦᠷᠢ ᠲᠠᠢ ᠣᠷᠣᠨ ᠪᠦᠰᠡ ᠲᠣᠭᠲᠠᠭᠠᠬᠤ ᠲᠤᠬᠠᠢ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/9/30
                 ︵2022 ᠣᠨ ᠤ 80 ᠳ᠋ᠤᠭᠠᠷ ᠲᠣᠭᠠᠲᠤ︶      ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ᠂ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠬᠢᠵᠢᠭ ᠲᠠᠷᠬᠠᠬᠤ ᠶᠢ ᠲᠦᠷᠭᠡᠨ ᠪᠥᠭᠡᠳ ᠪᠦᠲᠦᠮᠵᠢᠲᠡᠶ ᠬᠤᠷᠢᠭᠯᠠᠨ ᠲᠠᠰᠤᠯᠵᠤ᠂ ᠥᠷᠭᠡᠨ ᠣᠯᠠᠨ ᠬᠤᠲᠠ ᠶᠢᠨ ᠠᠷᠠᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠬᠤ ᠶᠢᠨ ᠲᠥᠯᠥᠭᠡ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠰᠤᠳᠤᠯᠤᠨ  ᠮᠠᠭᠠᠳᠯᠠᠬᠤ ᠪᠠᠷ ᠳᠠᠮᠵᠢᠨ᠂ ᠬᠤᠲᠠ ᠶᠢᠨ ᠵᠢᠯᠤᠭᠤᠳᠬᠤ ᠭᠠᠵᠠᠷ ᠠᠴᠠ  9 ᠳ᠋ᠤᠭᠡᠷ ᠰᠠᠷ᠎ᠠ ᠶᠢᠨ 30 ᠤ ᠡᠳᠦᠷ ᠠᠴᠠ ᠡᠬᠢᠯᠡᠨ᠂ ᠬᠡᠰᠡᠭ ᠣᠷᠣᠨ ᠪᠦᠰᠡ ᠶᠢ ᠲᠦᠭᠰᠢᠭᠦᠷᠢ ᠶᠡᠬᠡᠲᠡᠢ ᠣᠷᠣᠨ᠂  ᠳᠤᠮᠳᠠ ᠵᠡᠷᠭᠡ ᠶᠢᠨ ᠲᠦᠭᠰᠢᠭᠦᠷᠢᠲᠡᠢ ᠣᠷᠣᠨ ᠪᠠ ᠲᠦᠭᠰᠢᠭᠦᠷᠢ ᠪᠠᠷ ᠪᠠᠭ᠎ᠠ ᠣᠷᠣᠨ ᠢᠶᠠᠷ ᠵᠠᠭᠠᠭᠯᠠᠨ ᠲᠤᠭᠲᠠᠭᠠᠨ᠎ᠠ ᠭᠡᠵᠦ ᠰᠣᠳᠤᠯᠤᠨ  ᠲᠣᠭᠲᠠᠭᠠᠪᠠ᠃ ᠪᠣᠳᠠᠲᠠᠢ ᠪᠠᠷ᠄      ᠨᠢᠭᠡ᠂ ᠬᠤᠲᠤᠩ ᠠᠷᠠᠳ ᠤᠨ ᠲᠣᠭᠤᠷᠢᠭ ᠤᠨ ᠰᠠᠨ ᠱᠦᠨ ᠳ᠋ᠢᠶᠠᠨ ᠪᠠᠷᠠᠭᠤᠨ ᠭᠤᠳᠤᠮᠵᠢ ᠶᠢᠨ ᠨᠠᠨ ᠳ᠋ᠢᠩ ᠭᠧ ᠡᠯ ᠨᠡᠶᠢᠲᠡ ᠶᠢᠨ ᠪᠠᠶᠢᠷᠢ᠂ ᠬᠤᠲᠤᠩ ᠠᠷᠠᠳ ᠤᠨ ᠲᠣᠭᠤᠷᠢᠭ ᠤᠨ ᠭᠤᠸᠠᠩ ᠮᠢᠩ ᠵᠠᠮ ᠤᠨ ᠲᠠᠨ ᠺᠤᠸᠠᠩ ᠰᠠᠭᠤᠭᠠᠯᠢ ᠲᠣᠭᠤᠷᠢᠭ ᠤᠨ ᠲᠥᠬᠦᠮ ᠠᠰᠠᠷ ᠤᠨ ᠡᠮᠦᠨ᠎ᠡ ᠮᠥᠷ ᠤᠨ ᠨᠢᠭᠡᠳᠦᠭᠡᠷ ᠳᠠᠪᠬᠤᠷᠯᠢᠭ᠂ ᠬᠤᠲᠤᠩ ᠠᠷᠠᠳ ᠤᠨ ᠲᠣᠭᠤᠷᠢᠭ ᠤᠨ ᠠᠵᠢᠯᠴᠢᠨ ᠬᠤᠶᠢᠲᠤ ᠵᠠᠮ ᠬᠢᠭᠡᠳ ᠰᠢᠨᠬᠤᠸᠠ ᠪᠠᠷᠠᠭᠤᠨ ᠵᠡᠭᠡᠯᠢ ᠶᠢᠨ ᠠᠭᠤᠯᠵᠠᠷ ᠤᠨ ᠦᠢᠯᠡᠳᠪᠦᠷᠢ ᠬᠤᠳᠠᠯᠳᠤᠭᠠᠨ ᠤ ᠪᠠᠩᠭᠢ ᠶᠢᠨ ᠭᠡᠷ ᠪᠦᠯᠢ ᠶᠢᠨ ᠬᠢᠨ ᠤ ᠬᠦᠷᠢᠶᠡᠨ ᠤ ᠭᠤᠷᠪᠠᠳᠤᠭᠠᠷ ᠠᠰᠠᠷ᠂ ᠬᠤᠲᠤᠩ ᠠᠷᠠᠳ ᠤᠨ ᠲᠣᠭᠤᠷᠢᠭ ᠤᠨ ᠲᠦᠩ ᠳ᠋ᠣᠣ ᠵᠡᠭᠡᠯᠢ ᠶᠢᠨ ᠰᠢᠨ ᠬᠤᠸᠠ ᠴᠢᠶᠣᠤ ᠲᠡᠮᠦᠷ ᠵᠠᠮ ᠤᠨ ᠰᠠᠭᠤᠭᠠᠯᠢ ᠲᠣᠭᠤᠷᠢᠭ ᠤᠨ ᠨᠢᠭᠡᠳᠦᠭᠡᠷ ᠠᠰᠠᠷ ᠢ ᠲᠦᠭᠰᠢᠭᠦᠷᠢ ᠶᠡᠬᠡᠲᠡᠢ ᠣᠷᠣᠨ ᠢᠶᠠᠷ ᠵᠠᠭᠠᠭᠯᠠᠨ ᠲᠤᠭᠲᠠᠭᠠᠵᠤ᠂ ︽ᠭᠡᠷ ᠠᠴᠠ ᠪᠠᠨ ᠭᠠᠷᠬᠤ ᠦᠭᠡᠢ᠂ ᠭᠡᠷ ᠲᠤᠨᠢ ᠬᠦᠷᠴᠦ ᠦᠢᠯᠡᠴᠢᠯᠡᠬᠦ︾ ᠪᠢᠲᠡᠭᠦᠮᠵᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠪᠴᠤ᠂ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃      ᠬᠤᠶᠠᠷ᠂ ᠬᠤᠲᠤᠩ ᠠᠷᠠᠳ ᠤᠨ ᠲᠣᠭᠤᠷᠢᠭ ᠤᠨ ᠭᠤᠸᠠᠩ ᠮᠢᠩ ᠵᠠᠮ ᠤᠨ ᠲᠠᠨ ᠺᠤᠸᠠᠩ ᠰᠠᠭᠤᠭᠠᠯᠢ ᠲᠣᠭᠤᠷᠢᠭ ︵ᠲᠥᠬᠦᠮ ᠠᠰᠠᠷ ᠤᠨ ᠡᠮᠦᠨ᠎ᠡ ᠮᠥᠷ ᠤᠨ ᠨᠢᠭᠡᠳᠦᠭᠡᠷ ᠳᠠᠪᠬᠤᠷᠯᠢᠭ ᠠᠴᠠ ᠭᠠᠳᠠᠨ᠎ᠠ︶᠂  ᠬᠤᠲᠤᠩ ᠠᠷᠠᠳ ᠤᠨ ᠲᠣᠭᠤᠷᠢᠭ ᠤᠨ  ᠠᠵᠢᠯᠴᠢᠨ ᠬᠤᠶᠢᠲᠤ ᠵᠠᠮ ᠬᠢᠭᠡᠳ ᠰᠢᠨᠬᠤᠸᠠ ᠪᠠᠷᠠᠭᠤᠨ ᠵᠡᠭᠡᠯᠢ ᠶᠢᠨ ᠠᠭᠤᠯᠵᠠᠷ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠭᠡᠷ ᠪᠦᠯᠢ ᠶᠢᠨ ᠬᠢᠨ ᠤ ᠬᠦᠷᠢᠶ᠎ᠡ ︵ᠭᠤᠷᠪᠠᠳᠤᠭᠠᠷ ᠠᠰᠠᠷ ᠠᠴᠠ ᠭᠠᠳᠠᠨ᠎ᠠ︶᠂  ᠬᠤᠲᠤᠩ ᠠᠷᠠᠳ ᠤᠨ ᠲᠣᠭᠤᠷᠢᠭ ᠤᠨ ᠲᠦᠩ ᠳ᠋ᠣᠣ ᠵᠡᠭᠡᠯᠢ ᠶᠢᠨ ᠰᠢᠨ ᠬᠤᠸᠠ ᠴᠢᠶᠣᠤ ᠲᠡᠮᠦᠷ ᠵᠠᠮ ᠤᠨ ᠰᠠᠭᠤᠭᠠᠯᠢ ᠲᠣᠭᠤᠷᠢᠭ ︵ᠨᠢᠭᠡᠳᠦᠭᠡᠷ ᠠᠰᠠᠷ ᠠᠴᠠ ᠭᠠᠳᠠᠨ᠎ᠠ︶ ᠢ ᠳᠤᠮᠳᠠ ᠵᠡᠷᠭᠡ ᠶᠢᠨ ᠲᠦᠭᠰᠢᠭᠦᠷᠢ ᠲᠠᠢ ᠣᠷᠣᠨ ᠢᠶᠠᠷ ᠵᠠᠭᠠᠭᠯᠠᠨ ᠲᠣᠭᠲᠠᠭᠠᠵᠤ᠂ ︽ᠲᠣᠭᠤᠷᠢᠭ ᠠᠴᠠ ᠪᠠᠨ ᠭᠠᠷᠬᠤ ᠦᠭᠡᠢ᠂  ᠬᠦᠮᠦᠨ ᠬᠠᠷ᠎ᠠ ᠣᠯᠠᠨᠲᠠᠢ ᠣᠷᠬᠢᠯ ᠦᠶ᠎ᠡ ᠶᠢ ᠵᠦᠷᠢᠭᠦᠯᠦᠨ ᠡᠳ᠋ ᠪᠣᠳᠠᠰ ᠠᠪᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠠᠪᠤᠨ᠎ᠠ᠃ ᠰᠠᠭᠤᠭᠠᠯᠢ ᠠᠷᠠᠳ ᠵᠠᠷᠴᠢᠮ ᠳᠡᠭᠡᠷ᠎ᠡ ᠪᠠᠨ ᠭᠡᠷ ᠲᠡᠭᠡᠨ ᠰᠠᠭᠤᠨ᠎ᠠ᠂ ᠬᠤᠪᠢ ᠬᠥᠮᠥᠨ ᠤ ᠬᠠᠮᠠᠭᠠᠯᠠᠯᠲᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠲᠠᠯ ᠳᠣᠣᠷ᠎ᠠ᠂ ᠡᠳᠦᠷ ᠪᠦᠷᠢ ᠡᠷᠦᠬᠡ ᠪᠦᠷᠢ 1 ᠬᠥᠮᠥᠨ ᠲᠣᠬᠢᠷᠠᠭᠤᠯᠵᠤ᠂ ︽ᠴᠠᠭ ᠬᠤᠪᠢᠶᠠᠨ ᠡᠮᠬᠢ ᠵᠢᠷᠤᠮ ᠲᠠᠢ ᠶᠠᠪᠤᠬᠤ ᠂ ᠣᠷᠣᠨ ᠬᠤᠪᠢᠶᠠᠨ ᠬᠦᠮᠦᠨ ᠤ ᠲᠤᠭ᠎ᠠ ᠶᠢ ᠬᠢᠵᠠᠭᠠᠷᠯᠠᠬᠤ︾ ᠠᠷᠭ᠎ᠠ ᠮᠠᠶ᠋ᠢᠭ ᠢᠶᠠᠷ᠂ ᠲᠣᠭᠲᠠᠭᠰᠠᠨ ᠣᠷᠣᠨ ᠪᠦᠰᠡ ᠳᠤ ᠬᠦᠷᠴᠦ ᠰᠦᠯᠵᠢᠶ᠎ᠡ ᠪᠠᠷ ᠬᠤᠳᠠᠯᠳᠤᠵᠤ ᠪᠠᠶᠢᠭ᠎ᠠ ᠪᠠᠷᠠᠭ᠎ᠠ ᠶᠢ ᠬᠤᠳᠠᠯᠳᠤᠨ ᠠᠪᠬᠤ ᠪᠤᠶᠤ ᠦᠯᠦ ᠬᠦᠷᠦᠯᠴᠡᠬᠦ ᠬᠡᠯᠪᠡᠷᠢ ᠪᠠᠷ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠤᠭᠰᠠᠨ ᠡᠳ᠋ ᠪᠣᠳᠠᠰ ᠢᠶᠠᠨ ᠠᠪᠤᠨ᠎ᠠ᠃ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ ᠡᠮᠬᠢ ᠵᠢᠷᠤᠮ ᠲᠠᠢ ᠪᠠᠷ ᠠᠰᠠᠷ ᠠᠴᠠ ᠪᠠᠭᠤᠵᠤ  ᠲᠤᠭᠲᠠᠭᠰᠠᠨ ᠭᠠᠵᠠᠷ ᠲᠤ ᠬᠦᠷᠴᠦ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃      ᠭᠤᠷᠪᠠ᠂ ᠬᠤᠲᠤᠩ ᠠᠷᠠᠳ ᠤᠨ ᠲᠣᠭᠤᠷᠢᠭ ᠤᠨ ᠨᠢᠭᠡᠨᠲᠡ ᠵᠠᠭᠠᠭᠯᠠᠨ ᠲᠣᠭᠲᠠᠭᠠᠭᠰᠠᠨ  ᠲᠦᠭᠰᠢᠭᠦᠷᠢ ᠶᠡᠬᠡᠲᠡᠢ ᠪᠠ ᠳᠤᠮᠳᠠ ᠵᠡᠷᠭᠡ ᠶᠢᠨ ᠲᠦᠭᠰᠢᠭᠦᠷᠢ ᠲᠠᠢ ᠣᠷᠣᠨ ᠠᠴᠠ ᠪᠣᠰᠤᠳ‌ᠣᠷᠣᠨ ᠢ ᠲᠦᠭᠰᠢᠭᠦᠷᠢ ᠪᠠᠷ ᠪᠠᠭ᠎ᠠ ᠣᠷᠣᠨ ᠢᠶᠠᠷ ᠵᠠᠭᠠᠭᠯᠠᠨ ᠲᠣᠭᠲᠠᠭᠠᠵᠤ᠂ ︽ᠬᠤᠪᠢ ᠬᠥᠮᠥᠨ ᠤ ᠬᠠᠮᠠᠭᠠᠯᠠᠯᠲᠠ᠂ ᠪᠦᠭᠡᠮᠨᠡᠷᠡᠵᠦ ᠴᠤᠭᠯᠠᠷᠠᠬᠤ ᠠᠴᠠ ᠵᠠᠶᠢᠯᠠᠰᠬᠢᠬᠦ︾ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠠᠪᠤᠨ᠎ᠠ᠃      ᠲᠣᠰ ᠡᠳᠦᠷ ᠠᠴᠠ ᠡᠬᠢᠯᠡᠨ᠂ ᠥᠷᠭᠡᠨ ᠣᠯᠠᠨ ᠬᠤᠲᠠ ᠶᠢᠨ ᠠᠷᠠᠳ ᠴᠢᠬᠤᠯᠠ ᠦᠭᠡᠢ ᠪᠣᠯ ᠬᠥᠬᠡᠬᠤᠲᠠ ᠠᠴᠠ ᠭᠠᠷᠬᠤ ᠦᠭᠡᠢ ᠪᠠᠶᠢᠬᠤ ᠶᠢ ᠰᠠᠨᠠᠭᠠᠴᠢᠯᠠᠨ᠎ᠠ᠂ ᠬᠤᠲᠠ ᠠᠯᠤᠰᠯᠠᠨ ᠶᠠᠪᠤᠵᠤ ᠰᠢᠯᠵᠢᠬᠦ ᠳᠤ ᠡᠷᠬᠡᠪᠰᠢ 48 ᠴᠠᠭ ᠤᠨ ᠳᠣᠲᠣᠷᠠᠬᠢ ᠬᠤᠶᠠᠷ ᠤᠳᠠᠭᠠᠨ ᠤ ᠪᠥᠭᠡᠮ ᠬᠦᠴᠢᠯ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠢ᠂ ᠬᠤᠶᠠᠷ ᠤᠳᠠᠭᠠᠨ ᠤ ᠪᠥᠭᠡᠮ ᠬᠦᠴᠢᠯ ᠤᠨ  ᠪᠠᠶᠢᠴᠠᠭᠠᠯᠲᠠ ᠶᠢᠨ ᠠᠯᠤᠰᠯᠠᠬᠤ ᠵᠠᠢ ᠨᠢ 24 ᠴᠠᠭ ᠠᠴᠠ ᠳᠡᠭᠡᠭᠰᠢ  ᠪᠠᠶᠢᠬᠤ ᠬᠡᠷᠡᠭᠲᠡᠢ᠃           ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                            2022 ᠣᠨ ᠤ 9 ᠳ᠋ᠤᠭᠡᠷ ᠰᠠᠷ᠎ᠠ ᠶᠢᠨ 30 ᠤ ᠡᠳᠦᠷ
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ