ᠬᠤᠷᠢᠨᠭᠡᠷ ᠰᠢᠶᠠᠨ ︽ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ︾ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/5
9.5和林格尔县召开“三服务一促进”科技工作推进会议.jpg
      ︽ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ︾ ᠠᠵᠢᠯ ᠢ ᠦᠨᠡᠨᠬᠦ ᠰᠠᠶᠢᠲᠤᠷ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠲᠠᠷᠢᠶᠠᠨ ᠭᠠᠵᠠᠷ ᠲᠤ ᠳᠡᠯᠭᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠳᠤᠮᠳᠠᠬᠢ ᠴᠢᠬᠤᠯᠠ ᠦᠢᠯᠡᠳᠦᠯ ᠢ ᠴᠢᠨᠠᠭᠰᠢᠳᠠ ᠪᠠᠳᠠᠷᠠᠭᠤᠯᠬᠤ ᠶᠢᠨ ᠲᠤᠰᠠᠳᠠ᠂ 9 ᠰᠠᠷ᠎ᠠ ᠶᠢᠨ 2 ᠤᠨ ᠡᠳᠦᠷ᠂ ᠬᠤᠷᠢᠨᠭᠡᠷ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ︾ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ ᠲᠡᠳᠬᠦᠬᠦ ᠪᠦᠯᠬᠦᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠠᠵᠢᠯᠳᠠᠨ ᠵᠢᠴᠢ ᠪᠦᠬᠦ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠲᠤᠰ ᠤᠳᠠᠭ᠎ᠠ ᠶᠢᠨ ᠬᠤᠷᠠᠯ ᠳᠤ ᠣᠷᠣᠯᠴᠠᠪᠠ᠃      ᠬᠤᠷᠠᠯ ᠠᠴᠠ᠂ ᠪᠦᠬᠦ ᠲᠠᠯ᠎ᠠ ᠪᠠᠷ ︽ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ ︿ᠺᠠᠳ᠋ᠷ ᠴᠢᠳᠠᠪᠤᠷᠢᠲᠠᠨ﹀ ᠤ ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠮᠠᠨ ᠤ ᠰᠢᠶᠠᠨ ᠤ ᠬᠢᠯᠢ ᠳᠣᠲᠣᠷᠠᠬᠢ ᠪᠤᠶᠢᠳᠠ ᠪᠥᠭᠯᠡᠭᠦᠦ᠂ ᠪᠠᠭᠤᠷᠠᠢ᠂ ᠬᠤᠴᠣᠷᠤᠩᠭᠤᠢ ᠭᠠᠵᠠᠷ ᠣᠷᠣᠨ ᠢ ᠪᠦᠬᠦ ᠲᠠᠯ᠎ᠠ ᠪᠠᠷ ᠬᠠᠪᠰᠤᠷᠤᠨ ᠲᠡᠳᠬᠦᠵᠦ᠂ ᠰᠢᠨᠵᠢᠯᠡᠬᠦ ᠤᠬᠠᠭᠠᠨ ᠮᠡᠷᠭᠡᠵᠢᠯ᠂ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠶᠢᠨ ᠳᠤᠲᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠦᠨᠡᠨᠬᠦ ᠨᠥᠬᠦᠪᠥᠷᠢᠯᠡᠵᠦ᠂ ᠡᠯ᠎ᠡ ᠵᠦᠢᠯ ᠤᠨ ᠬᠠᠪᠰᠤᠷᠤᠨ ᠲᠡᠳᠬᠦᠬᠦ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ︽ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ︾ ᠠᠵᠢᠯᠯᠠᠭ᠎ᠠ ᠶᠢᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ ᠦᠢᠯᠡᠴᠢᠯᠡᠬᠦ ᠪᠠᠷ ᠵᠣᠷᠢᠯᠲᠠ ᠪᠠ ᠲᠤᠰᠤᠯᠲᠠ ᠪᠠᠨ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢᠶᠠᠷ ᠭᠤᠤᠯ ᠴᠣᠭᠴᠠ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠷ ᠬᠤᠯᠪᠣᠭᠠᠰᠤ ᠪᠣᠯᠭᠠᠨ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠲᠤᠰᠠᠯᠠᠬᠤ ᠦᠢᠯᠡᠴᠢᠯᠡᠭᠡᠨ ᠤ ᠠᠵᠢᠯ ᠢ ᠦᠨᠡᠨᠬᠦ ᠰᠠᠶᠢᠲᠤᠷ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠡᠩᠨᠡᠭᠡ ᠶᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠵᠤ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠥᠭᠵᠢᠭᠡᠨ᠂ ᠠᠵᠤ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠳᠠᠯ ᠦᠢᠯᠡᠰ ᠴᠣᠭᠴᠠᠯᠠᠬᠤ ᠠᠵᠢᠯᠯᠠᠭ᠎ᠠ ᠶᠢᠨ ︽ᠴᠣᠴᠠᠯᠢ ᠶᠢᠨ ᠭᠠᠯ︾ ᠶᠢ ︽ᠲᠠᠯ᠎ᠠ ᠶᠢ ᠴᠤᠷᠮᠠᠳᠠᠬᠤ︾ ᠪᠠᠶᠢᠳᠠᠯ ᠪᠣᠯᠭᠠᠬᠤ ᠬᠡᠷᠡᠭᠲᠡᠶ ᠭᠡᠪᠡ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ