ᠬᠤᠷᠢᠨᠭᠡᠷ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/5
9.5和林格尔县新冠肺炎疫情防控工作指挥部召开近期疫情防控工作专题部署会议.jpg
      9 ᠰᠠᠷ᠎ᠠ ᠶᠢᠨ 3 ᠤ ᠡᠳᠦᠷ᠂ ᠬᠤᠷᠢᠨᠭᠡᠷ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠵᠠᠷᠯᠠᠨ ᠮᠡᠳᠡᠭᠳᠡᠵᠦ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠤᠯᠠᠮᠵᠢᠯᠠᠭᠰᠠᠨ ᠤ ᠬᠠᠮᠲᠤ᠂ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠶᠡᠷᠦᠩᠬᠡᠶ ᠪᠠᠶᠢᠳᠠᠯ ᠢ ᠰᠣᠨᠣᠰᠴᠤ᠂ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠵᠢᠯ ᠢ ᠵᠣᠬᠢᠴᠠᠭᠤᠯᠤᠨ ᠴᠢᠩᠭᠠᠳᠬᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠲᠠᠯ᠎ᠠ ᠪᠠᠷ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠲᠤᠰᠬᠠᠶ ᠠᠩᠭᠢ ᠶᠢᠨ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ᠂ ᠬᠤᠯᠪᠣᠭᠳᠠᠯ ᠪᠥᠬᠦᠶ ᠨᠢᠭᠡᠴᠡ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠤᠯᠠᠨ ᠭᠠᠵᠠᠷ ᠲᠤ ᠲᠠᠷᠬᠠᠵᠤ᠂ ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠪᠠ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠡᠩ ᠲᠦᠷᠭᠡᠨ ᠨᠡᠩ ᠨᠠᠷᠢᠯᠢᠭ᠂ ᠪᠢᠲᠡᠭᠦᠦ ᠴᠠᠭᠠᠷᠢᠭ ᠢᠶᠠᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠮᠤᠭ ᠤᠨ ᠪᠠᠭ᠎ᠠ ᠦᠨ᠎ᠡ ᠦᠷᠳᠡᠭ ᠢᠶᠠᠷ ᠬᠠᠮᠤᠭ ᠤᠨ ᠶᠡᠭᠡ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃      ᠬᠤᠷᠠᠯ ᠠᠴᠠ᠂ ᠰᠠᠯᠠᠭ᠎ᠠ ᠮᠥᠴᠢᠷ ᠤᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠨᠠᠭᠰᠢᠳᠠ ᠴᠢᠩᠭᠠᠳᠬᠠᠵᠤ᠂ ᠮᠡᠳᠡᠭᠡ ᠵᠠᠩᠭᠢ ᠶᠢ ᠡᠵᠡᠮᠰᠢᠬᠦ ᠶᠢ ᠴᠢᠩᠭᠠᠳᠬᠠᠵᠤ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠨᠡᠪᠲᠡᠷᠡᠭᠦᠯᠬᠦ ᠶᠢ ᠴᠢᠩᠭᠠᠳᠬᠠᠵᠤ᠂ ᠤᠷᠤᠰᠬᠠᠨ ᠲᠣᠬᠢᠷᠠᠭᠤᠯᠬᠤ᠂ ᠵᠢᠭᠰᠠᠭᠠᠨ ᠪᠠᠶᠢᠴᠠᠭᠠᠬᠤ᠂ ᠬᠠᠮᠢᠶᠠᠷᠤᠨ ᠡᠵᠡᠮᠳᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠶᠤᠯ ᠲᠦᠭᠰᠢᠭᠦᠷᠢ ᠲᠠᠢ ᠬᠥᠮᠦᠰ ᠢ ᠡᠷᠲᠡ ᠢᠯᠡᠷᠡᠭᠦᠯᠬᠦ᠂ ᠲᠦᠷᠭᠡᠨ ᠬᠠᠮᠢᠶᠠᠷᠤᠨ ᠡᠵᠡᠮᠳᠡᠬᠦ ᠶᠢ ᠪᠠᠲᠤᠯᠠᠵᠤ᠂ ᠪᠦᠬᠦᠨ ᠢ ᠬᠠᠮᠤᠷᠬᠤ᠂ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠪᠤᠰᠤᠳ ᠠᠶᠢᠮᠠᠭ ᠬᠤᠳᠠ ᠳᠤ ᠰᠢᠨ᠎ᠡ ᠪᠠᠷ ᠡᠭᠦᠰᠦᠭᠰᠡᠨ ᠬᠡᠷᠡᠭ ᠤᠨ ᠵᠢᠱᠢᠶ᠎ᠡ ᠶᠢ ᠨᠠᠷᠢᠨ ᠬᠢᠨᠠᠮᠠᠭᠠᠢ ᠡᠮᠬᠢᠯᠡᠵᠦ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠨᠠᠷᠢᠨ ᠬᠢᠨᠠᠮᠠᠭᠠᠢ ᠬᠢᠨᠠᠨ ᠪᠠᠶᠢᠴᠠᠭᠠᠵᠤ ᠵᠢᠭᠰᠠᠭᠠᠨ ᠪᠠᠶᠢᠴᠠᠭᠠᠵᠤ᠂ ᠨᠡᠩ ᠥᠨᠳᠥᠷ ᠪᠠᠷᠢᠮᠵᠢᠶ᠎ᠠ ᠪᠠᠷ ᠨᠡᠩ ᠮᠠᠭᠤ ᠲᠥᠯᠥᠪᠯᠡᠭᠡ ᠬᠢᠵᠦ᠂ ᠠᠵᠢᠯᠳᠠᠨ᠂ ᠡᠳ᠋ ᠪᠣᠳᠠᠰ᠂ ᠲᠤᠰᠠᠭᠠᠷᠯᠠᠬᠤ ᠲᠠᠯᠠᠪᠤᠷ ᠵᠡᠷᠭᠡ ᠲᠠᠯ᠎ᠠ ᠶᠢᠨ ᠪᠡᠯᠡᠳᠬᠡᠯ ᠢ ᠴᠢᠩᠭᠠᠳᠬᠠᠵᠤ᠂ ᠪᠤᠳᠤᠯᠢᠶᠠᠨᠲᠠᠢ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠨᠡᠬᠡᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ