ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠲᠠᠢ ᠬᠠᠮᠲᠤᠷᠠᠨ ᠬᠤᠷᠢᠨᠭᠡᠷ ᠰᠢᠶᠠᠨ ᠤ ᠱᠧᠩ ᠯᠧ ᠪᠠᠯᠭᠠᠰᠤᠨ ᠤ ᠰᠢ ᠭᠧᠤ ᠮᠧᠨ ᠲᠣᠰᠬᠤᠨ ᠳᠤ ᠭᠦᠨᠵᠡᠭᠡᠶᠢᠷᠡᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2022/9/6
      ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠨ᠎ᠠ᠃ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠰᠦᠷ ᠳᠠᠯᠠᠶᠢᠴᠠᠲᠠᠢ ᠬᠦᠴᠦᠨ ᠢ ᠬᠦᠭᠵᠢᠭᠡᠬᠦ ᠶᠢᠨ ᠲᠤᠰᠠᠳᠠ᠂ 9 ᠰᠠᠷ᠎ᠠ ᠶᠢᠨ 2 ᠤᠨ ᠡᠳᠦᠷ᠂ ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠲᠠᠢ ᠬᠠᠮᠲᠤᠷᠠᠨ ᠬᠤᠷᠢᠨᠭᠡᠷ ᠰᠢᠶᠠᠨ ᠤ ᠱᠧᠩ ᠯᠧ ᠪᠠᠯᠭᠠᠰᠤ ᠶᠢᠨ ᠰᠢ ᠭᠸᠤ ᠮᠧᠨ ᠲᠣᠰᠬᠤᠨ ᠳᠤ ᠭᠦᠨᠵᠡᠭᠡᠶᠢᠷᠡᠵᠦ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠱᠤᠭᠤᠮ ᠪᠣᠯᠭᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠥᠷᠨᠢᠭᠦᠯᠵᠡᠢ᠃
9.6和林格尔县委宣传部联合县委党校深入和林格尔县盛乐镇西沟门村开展主题宣讲会1.jpg
      ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠨᠠᠮ ᠤᠨ ᠰᠤᠷᠭᠠᠭᠤᠯᠢ ᠶᠢᠨ ᠪᠠᠭᠰᠢ ᠸᠠᠩ ᠢᠦᠢ ᠶᠢ ᠤᠷᠢᠵᠤ ᠭᠤᠣᠯᠯᠠᠨ ᠶᠠᠷᠢᠭᠤᠯᠵᠠᠢ᠃ ᠬᠤᠷᠠᠯ ᠨᠢ ᠭᠤᠣᠯᠳᠠᠭᠤ ᠮᠠᠨ ᠤ ᠤᠯᠤᠰ ᠤᠨ ᠦᠨᠳᠦᠰᠦᠲᠡᠨ ᠤ ᠣᠨᠴᠠᠯᠢᠭ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠶᠡᠭᠡ ᠠᠴᠢ ᠬᠤᠯᠪᠣᠭᠳᠠᠯ ᠪᠠ ᠪᠡᠶᠡᠯᠡᠭᠦᠯᠬᠦ ᠠᠷᠭ᠎ᠠ ᠵᠠᠮ ᠵᠢᠴᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠬᠢᠬᠦ ᠵᠡᠷᠭᠡ ᠲᠠᠯ᠎ᠠ ᠪᠠᠷ ᠪᠦᠬᠦ ᠲᠠᠯ᠎ᠠ ᠶᠢᠨ ᠲᠠᠶᠢᠯᠤᠮᠵᠢ ᠪᠠ ᠭᠦᠨᠵᠡᠭᠡᠢ ᠲᠠᠶᠢᠯᠪᠤᠷᠢᠯᠠᠯᠲᠠ ᠬᠢᠵᠡᠢ᠃ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠢ ᠴᠣᠭᠴᠠᠯᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠪᠦᠯᠬᠦᠮᠳᠡᠯ ᠡᠶ᠎ᠡ ᠨᠠᠶᠢᠷᠰᠠᠭ᠂ ᠬᠥᠮᠦᠨ ᠤ ᠰᠡᠳᠬᠢᠯ ᠡᠶ᠎ᠡ ᠡᠪᠲᠡᠢ ᠪᠠᠶᠢᠬᠤ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠠᠨᠠᠷ ᠤᠨ ᠦᠷ᠎ᠡ ᠰᠢᠭ ᠢᠶᠠᠷ ᠨᠢᠭᠲᠠᠷᠠᠨ ᠪᠦᠯᠬᠦᠮᠳᠡᠬᠦ ᠬᠡᠷᠡᠭᠲᠡᠢ ᠭᠡᠵᠦ ᠳᠤᠷᠠᠳᠪᠠ᠃
9.6和林格尔县委宣传部联合县委党校深入和林格尔县盛乐镇西沟门村开展主题宣讲会2.jpg
      ᠱᠧᠩ ᠯᠧ ᠪᠠᠯᠭᠠᠰᠤ᠂ ᠰᠢ ᠭᠸᠤ ᠮᠧᠨ ᠲᠣᠰᠬᠤᠨ ᠤ ᠬᠠᠮᠢᠶ᠎ᠠ ᠪᠦᠬᠦᠢ ᠠᠵᠢᠯᠲᠠᠳ ᠲᠤᠰ ᠤᠳᠠᠭ᠎ᠠ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ