ᠬᠥᠬᠡᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2022/9/7
      ︵ᠰᠤᠷᠪᠤᠯᠵᠢᠯᠠᠭᠴᠢ ᠸᠠᠩ ᠵᠦᠩ ᠵᠧᠢ︶ ᠣᠶᠢᠷ᠎ᠠ ᠳᠤ᠂ ᠬᠥᠬᠡᠬᠤᠲᠠ ᠶᠢᠨ ᠤᠯᠠᠨ ᠨᠡᠶᠢᠲᠡ ᠶᠢᠨ ᠰᠣᠶᠣᠯ ᠤᠨ ᠪᠣᠯᠪᠠᠰᠤᠷᠠᠯ ᠤᠨ ᠰᠠᠭᠤᠷᠢᠨ ᠭᠠᠵᠠᠷ ᠰᠠᠶᠢᠬᠠᠨ ᠲᠣᠭᠤᠷᠢᠭ ᠤᠨ ᠴᠢᠯᠠᠭᠤᠨ ᠬᠦᠮᠦᠨ ᠤ ᠲᠣᠬᠤᠢ ᠵᠤᠭᠠᠴᠠᠯ ᠤᠨ ᠦᠵᠡᠮᠵᠢ ᠶᠢᠨ ᠣᠷᠣᠨ ᠳᠤ ᠫᠠᠶᠢᠰᠠ ᠰᠡᠬᠦᠵᠦ ᠪᠠᠶᠢᠭᠤᠯᠤᠭᠳᠠᠪᠠ᠃      ᠬᠥᠬᠡᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠭᠰᠠᠨ ᠨᠢ ᠣᠯᠠᠨ ᠨᠡᠶᠢᠲᠡ ᠶᠢᠨ ᠰᠣᠶᠣᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠠᠰ ᠳᠡᠪᠰᠢᠬᠦ ᠶᠢ ᠠᠬᠢᠭᠤᠯᠤᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠣᠯᠠᠨ ᠲᠦᠮᠡᠨ  ᠪᠦᠭᠦᠳᠡ ᠳᠤ ᠰᠣᠶᠣᠯ ᠤᠨ ᠦᠢᠯᠡᠴᠢᠯᠡᠭᠡ ᠶᠢᠨ ᠠᠰᠢᠭ ᠲᠤᠰᠠ ᠶᠢ ᠡᠳ᠋ᠯᠡᠭᠦᠯᠬᠦ ᠶᠢ ᠵᠣᠷᠢᠵᠠᠢ       ᠬᠥᠬᠡᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠤᠭᠳᠠᠭᠰᠠᠨ ᠤ ᠳᠠᠷᠠᠭ᠎ᠠ᠂ ᠬᠤᠲᠠ ᠶᠢᠨ ᠰᠣᠶᠣᠯ ᠤᠨ ᠣᠷᠳᠣᠨ ᠠᠴᠠ ᠰᠣᠶᠣᠯ ᠤᠨ ᠲᠠᠯ᠎ᠠ ᠶᠢᠨ ᠬᠠᠪᠰᠤᠷᠤᠨ ᠵᠢᠯᠣᠭᠤᠳᠤᠭᠴᠢ ᠲᠣᠮᠢᠯᠠᠨ ᠰᠣᠶᠣᠯ ᠤᠨ ᠦᠢᠯᠡᠴᠢᠯᠡᠭᠡᠨ ᠤ ᠠᠭᠤᠯᠭ᠎ᠠ ᠶᠢ ᠵᠣᠯᠭᠠᠭᠤᠯᠵᠤ᠂ ᠲᠤᠰᠬᠠᠢ ᠮᠡᠷᠭᠡᠵᠢᠯ ᠤᠨ ᠬᠠᠪᠰᠤᠷᠤᠨ ᠵᠢᠯᠤᠭᠤᠳᠬᠤ ᠪᠣᠯᠪᠠᠰᠤᠷᠠᠭᠤᠯᠤᠯ ᠬᠠᠩᠭᠠᠬᠤ ᠶᠢᠨ ᠬᠠᠮᠲᠤ ᠣᠯᠠᠨ ᠲᠦᠮᠡᠨ ᠤ ᠤᠷᠠᠨ ᠰᠠᠶᠢᠬᠠᠨ ᠤ ᠲᠣᠭᠯᠠᠯᠲᠠ᠂ ᠤᠷᠠᠨ ᠰᠠᠶᠢᠬᠠᠨ ᠤ ᠠᠵᠢᠯᠯᠠᠭ᠎ᠠ ᠶᠢ ᠲᠦᠰᠦᠪᠯᠡᠵᠦ ᠵᠢᠯᠤᠭᠤᠳᠬᠤ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ