ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠴᠢᠳᠠᠪᠤᠷᠢᠲᠠᠨ ︵ᠪᠦᠯᠬᠦᠮ︶ ᠢ ᠰᠢᠯᠭᠠᠷᠠᠭᠤᠯᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2022/9/7
      ︵ᠰᠤᠷᠪᠤᠯᠵᠢᠯᠠᠭᠴᠢ ᠦ᠋ ᠽᠢ ᠰᠢᠤᠸᠠᠨ︶ 9 ᠳ᠋ᠤᠭᠡᠷ ᠰᠠᠷ᠎ᠠ ᠶᠢᠨ 6 ᠤ ᠡᠳᠦᠷ᠂ ᠮᠠᠨ ᠤ ᠬᠤᠳᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠴᠢᠳᠠᠪᠤᠷᠢᠲᠠᠨ ᠤ ᠲᠥᠪ ᠠᠴᠠ ᠬᠠᠮᠲᠤᠷᠠᠨ ᠡᠷᠬᠢᠯᠡᠭᠰᠡᠨ ︽ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠣᠷᠣᠨ ᠨᠤᠲᠤᠭ ᠤᠨ ᠠᠶᠠᠯᠠᠯ ︱ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠴᠢᠳᠠᠪᠤᠷᠢᠲᠠᠨ ︵ᠪᠦᠯᠬᠦᠮ︶ ᠢ ᠰᠢᠯᠭᠠᠷᠠᠭᠤᠯᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠶᠠᠪᠤᠭᠳᠠᠪᠠ᠃      ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠴᠢᠳᠠᠪᠤᠷᠢᠲᠠᠨ ᠤ ᠲᠥᠪ ᠤᠨ ᠨᠡᠭᠡᠭᠡᠨ ᠬᠥᠭᠵᠢᠭᠦᠯᠬᠦ ᠦᠢᠯᠡᠴᠢᠯᠡᠭᠡᠨ ᠤ ᠭᠠᠵᠠᠷ ᠤᠨ ᠳᠠᠷᠤᠭ᠎ᠠ ᠨᠢᠦ ᠫᠢᠩ᠂ ᠬᠤᠳᠠ ᠶᠢᠨ ᠳᠡᠳ᠋ ᠳᠠᠷᠤᠭ᠎ᠠ ᠯᠢ ᠰᠢᠶᠣᠣ ᠶᠠᠨ  ᠣᠷᠤᠯᠴᠠᠭᠰᠠᠨ ᠤ ᠬᠠᠮᠲᠤ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠡᠳ᠋ ᠳᠠᠷᠤᠭ᠎ᠠ ᠬᠤᠸᠠᠩ ᠶᠠᠨ ᠪᠢᠨ ᠤᠷᠢᠯᠭ᠎ᠠ ᠪᠠᠷ ᠣᠷᠣᠯᠴᠠᠪᠠ᠃      ᠲᠤᠰ ᠤᠳᠠᠭᠠᠨ ᠤ ᠰᠢᠯᠭᠠᠷᠠᠭᠤᠯᠬᠤ ᠠᠵᠢᠯᠯᠠᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠰᠢᠨ᠎ᠡ ᠶᠢ ᠡᠭᠦᠳᠬᠦ ᠬᠥᠳᠡᠯᠭᠡᠭᠦᠷ ᠤᠨ ᠲᠥᠪ ︵ᠬᠥᠬᠡᠬᠤᠲᠠ︶ ᠲᠤ ᠲᠦᠰᠢᠭᠯᠡᠵᠦ᠂ ᠳᠡᠭᠡᠳᠦ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠭᠤᠣᠯᠳᠠᠯᠭ᠎ᠠ ᠲᠠᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯ ᠰᠡᠳᠦᠪ ᠢᠶᠠᠷ ᠬᠢᠴᠢᠶᠡᠯᠯᠡᠬᠦ᠂ ᠲᠤᠰᠬᠠᠢ ᠰᠡᠳᠦᠪ ᠣᠨᠴᠠᠭᠠᠶ ᠬᠡᠷᠡᠭ ᠢ ᠬᠠᠪᠰᠤᠷᠤᠨ ᠵᠢᠯᠤᠭᠤᠳᠬᠤ᠂ ᠠᠬᠤᠢ ᠲᠠᠯᠠᠪᠠᠢ ᠶᠢᠨ ᠦᠵᠡᠭᠦᠯᠦᠯᠭᠡ ᠶᠢ ᠰᠢᠯᠭᠠᠷᠠᠭᠤᠯᠬᠤ ᠤᠷᠤᠯᠳᠤᠭᠠᠨ ᠵᠡᠷᠭᠡ ᠪᠠᠷ ᠳᠠᠮᠵᠢᠭᠤᠯᠤᠨ᠂ ᠮᠠᠨ ᠤ ᠬᠤᠲᠠ ᠳᠤ ᠨᠢᠭᠡ ᠪᠦᠯᠦᠭ ᠲᠦᠷᠦᠭᠦᠯᠡᠬᠦ ᠦᠢᠯᠡᠳᠦᠯ ᠲᠠᠢ᠂ ᠣᠷᠣᠨ ᠤ ᠲᠥᠪ ᠤᠨ ᠠᠵᠤ ᠦᠢᠯᠡᠰ ᠲᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠴᠢᠳᠠᠪᠤᠷᠢᠲᠠᠨ ᠪᠠ ᠪᠦᠯᠬᠦᠮ ᠨᠡᠶᠢᠲᠡ ᠶᠢ ᠢᠯᠡᠷᠡᠭᠦᠯᠦᠨ ᠰᠤᠩᠭᠤᠨ ᠰᠢᠯᠭᠠᠷᠠᠭᠤᠯᠬᠤ ᠶᠢᠨ ᠬᠠᠮᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠤᠯᠤᠰ ᠤᠨ ᠳᠣᠲᠣᠭᠠᠳᠤ ᠶᠢᠨ ᠣᠷᠣᠶᠢᠯᠠᠭᠰᠠᠨ ᠲᠤᠰᠬᠠᠢ ᠮᠡᠷᠭᠡᠵᠢᠯᠲᠡᠨ ᠲᠠᠢ ᠨᠠᠷᠢᠯᠢᠭ ᠣᠨᠤᠪᠴᠢᠲᠠᠢ ᠵᠣᠯᠭᠠᠭᠤᠯᠬᠤ ᠪᠣᠯᠣᠨ᠎ᠠ᠃ ᠮᠠᠨ ᠤ ᠬᠤᠲᠠ ᠶᠢᠨ 32 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠡᠭᠦᠰᠬᠡᠨ ᠪᠠᠶᠢᠭᠤᠯᠤᠭᠴᠢ᠂ ᠳᠡᠭᠡᠳᠦ ᠲᠠᠰ ᠤᠨ ᠬᠠᠮᠢᠶᠠᠷᠤᠭᠴᠢ ᠪᠠ ᠮᠡᠷᠭᠡᠵᠢᠯ ᠤᠨ ᠰᠤᠳᠤᠯᠤᠨ ᠨᠡᠭᠡᠭᠡᠬᠦ ᠭᠤᠣᠯᠯᠠᠭᠴᠢ ᠴᠢᠳᠠᠪᠤᠷᠢᠲᠠᠨ ᠲᠣᠰ ᠤᠳᠠᠭᠠᠨ ᠤ ᠰᠢᠯᠭᠠᠷᠠᠭᠤᠯᠬᠤ ᠠᠵᠢᠯᠯᠠᠭ᠎ᠠ ᠳᠤ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ