ᠪᠣᠣ ᠭᠠᠩ ᠭᠤᠷᠪᠠᠳᠤᠭᠠᠷ ᠲᠣᠭᠤᠷᠢᠯ ᠵᠠᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ  ᠠᠬᠢᠴᠠ ᠶᠢᠨ ᠪᠠᠶᠢᠳᠠᠯ ᠳᠤ ᠪᠠᠶᠢᠴᠠᠭᠠᠨ ᠰᠣᠳᠤᠯᠤᠯᠲᠠ ᠬᠢᠪᠡ
ᠨᠡᠶᠢᠲᠡᠯᠡᠭᠰᠡᠨ ᠴᠠᠭ᠄
2022/9/7
      ︵ᠰᠤᠷᠪᠤᠯᠵᠢᠯᠠᠭᠴᠢ ᠶᠦᠨ ᠵᠢᠩ︶ 9 ᠳ᠋ᠤᠭᠡᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ  ᠪᠣᠣ ᠭᠠᠩ ᠮᠠᠨ ᠤ ᠬᠤᠳᠠ ᠶᠢᠨ ᠭᠤᠷᠪᠠᠳᠤᠭᠠᠷ ᠲᠣᠭᠤᠷᠢᠯ ᠵᠠᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠣᠳᠤᠯᠤᠯᠲᠠ ᠬᠢᠪᠡ᠃      ᠪᠣᠣ ᠭᠠᠩ ᠤᠷᠢᠳ ᠬᠤᠵᠢᠳ ᠭᠤᠷᠪᠠᠳᠤᠭᠠᠷ ᠲᠣᠭᠤᠷᠢᠯ ᠵᠠᠮ ᠤᠨ ᠶᠦᠩ ᠵᠢᠢ᠂ ᠬᠤᠷᠴᠢᠨ᠂ ᠬᠦᠬᠡᠬᠤᠲᠠ ᠵᠡᠭᠦᠨᠭᠠᠷ᠂ ᠶᠢᠨ ᠬᠠᠢ᠂ ᠲᠠᠶᠢᠭ᠎ᠠ ᠮᠣᠳᠤ ᠶᠢᠨ ᠵᠦᠷᠢᠯᠢᠭ ᠬᠦᠭᠦᠷᠭᠡ ᠶᠢᠨ ᠬᠡᠰᠡᠭ ᠲᠤ ᠬᠦᠷᠴᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠦᠴᠦᠨ ᠵᠦᠢᠯ ᠤᠨ ᠪᠠᠲᠤᠯᠠᠭ᠎ᠠ᠂ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠪᠣᠣ ᠭᠠᠩ ᠬᠡᠯᠡᠬᠦ ᠳᠡᠭᠡᠨ᠂ ᠭᠤᠷᠪᠠᠳᠤᠭᠠᠷ ᠲᠣᠭᠤᠷᠢᠯ ᠵᠠᠮ ᠤᠨ ᠪᠦᠲᠦᠭᠡᠨ ᠪᠠᠶᠢᠭᠤᠯᠤᠯᠲᠠ ᠨᠢ ᠮᠠᠨ ᠤ ᠬᠤᠳᠠ ᠶᠢᠨ ︽ᠣᠷᠣᠨ ᠪᠦᠰᠡ ᠶᠢᠨ ᠶᠡᠭᠡ ᠬᠤᠯᠪᠤᠯᠲᠠ᠂ ᠭᠠᠳᠠᠷ ᠬᠦᠷᠢᠶ᠎ᠡ ᠶᠢᠨ ᠶᠡᠭᠡ ᠨᠦᠯᠦᠭᠡᠯᠡᠯ᠂ ᠬᠤᠳᠠ ᠶᠢᠨ ᠳᠣᠲᠣᠷᠠᠬᠢ ᠶᠡᠭᠡ ᠡᠷᠭᠢᠯᠲᠡ︾ ᠶᠢ ᠪᠡᠶᠡᠯᠡᠭᠦᠯᠬᠦ ᠳᠤ ᠴᠢᠬᠤᠯᠠ ᠦᠢᠯᠡᠳᠦᠯ ᠲᠠᠢ ᠶᠤᠮ᠃ ᠣᠳᠣ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢᠭᠡᠨᠲᠡ ᠪᠣᠭᠤᠮᠲᠠ ᠰᠢᠪᠲᠤᠯᠵᠤ ᠰᠡᠭᠦᠯ ᠬᠤᠷᠢᠶᠠᠬᠤ ᠱᠠᠲᠤᠨ ᠳᠤ  ᠣᠷᠣᠭᠠᠳ ᠪᠣᠢ᠂ ᠬᠤᠯᠪᠤᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠣᠨ ᠪᠠᠷᠢᠯᠭ᠎ᠠ ᠶᠢᠨ ᠲᠠᠯ᠎ᠠ ᠶᠢᠨ ᠬᠢᠨ ᠲᠣᠭᠲᠠᠭᠰᠠᠨ ᠬᠠᠷᠠᠯᠲᠠ ᠡᠭᠦᠷᠭᠡ ᠪᠠᠨ ᠪᠠᠲᠤ ᠡᠵᠡᠮᠳᠡᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠴᠠᠭ ᠮᠥᠴᠡ ᠶᠢ ᠠᠮᠵᠢᠨ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠡᠯ᠎ᠡ ᠲᠦᠷᠦᠯ ᠤᠨ ᠬᠦᠴᠦᠨ ᠵᠦᠢᠯ ᠤᠨ ᠪᠠᠲᠤᠯᠠᠭ᠎ᠠ ᠶᠢ ᠬᠦᠴᠦᠯᠡᠨ ᠴᠢᠩᠭᠠᠳᠬᠠᠵᠤ᠂ ᠰᠢᠰᠲ᠋ᠧᠮᠲᠦ ᠦᠵᠡᠯᠲᠡ᠂ ᠰᠢᠰᠲ᠋ᠧᠮᠲᠦ ᠠᠷᠭ᠎ᠠ ᠶᠢ ᠴᠢᠳᠠᠮᠠᠭᠠᠢ ᠬᠡᠷᠡᠭᠯᠡᠵᠦ᠂ ᠠᠳᠠᠯᠢ ᠪᠤᠰᠤ ᠬᠡᠰᠡᠭ᠂ ᠭᠤᠣᠯ ᠱᠤᠭᠤᠮ ᠪᠣᠯᠣᠨ ᠬᠤᠯᠪᠣᠬᠤ ᠱᠤᠭᠤᠮ ᠤᠨ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠪᠠᠶᠢᠬᠤ ᠶᠢ ᠠᠬᠢᠭᠤᠯᠬᠤ ᠬᠡᠷᠡᠭᠲᠡᠢ᠃ ᠶᠠᠰᠤ ᠴᠢᠨᠠᠷ ᠤᠨ ᠪᠣᠭᠤᠮᠲᠠ ᠪᠣᠯᠣᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠰᠠᠬᠢᠵᠤ᠂ ᠶᠠᠰᠤ ᠴᠢᠨᠠᠷ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠭᠤᠷᠪᠠᠳᠤᠭᠠᠷ ᠲᠣᠭᠤᠷᠢᠯ ᠵᠠᠮ ᠲᠣᠭᠲᠠᠭᠰᠠᠨ ᠬᠤᠭᠤᠴᠠᠭᠠᠨ ᠳᠤ ᠲᠡᠷᠭᠡ ᠨᠡᠪᠲᠡᠷᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠬᠤᠳᠠ ᠳᠤ ᠬᠦᠴᠦᠨ ᠨᠡᠮᠡᠷᠢᠯᠡᠵᠦ᠂ ᠤᠯᠠᠨ ᠲᠦᠮᠡᠨ ᠳᠤ ᠠᠰᠢᠭ ᠬᠦᠷᠲᠡᠭᠡᠵᠦ ᠤᠯᠠᠨ ᠲᠦᠮᠡᠨ ᠬᠠᠨᠤᠮᠵᠢᠲᠠᠢ ᠪᠣᠯᠭᠠᠬᠤ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠯᠢᠦ ᠴᠧᠩ ᠮᠢᠨ᠂ ᠯᠢᠦ ᠵᠢᠢ ᠶᠢᠩ ᠵᠢᠴᠢ ᠬᠤᠯᠪᠤᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ