9 ᠳ᠋ᠤᠭᠡᠷ ᠰᠠᠷ᠎ᠠ ᠶᠢᠨ 6 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/7
      9 ᠳ᠋ᠤᠭᠡᠷ ᠰᠠᠷ᠎ᠠ ᠶᠢᠨ 6 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 57 ᠨᠡᠮᠡᠭᠳᠡᠪᠡ᠂ ᠡᠭᠦᠨ ᠳᠤ ᠤᠯᠠᠭᠠᠨᠬᠠᠳᠠ ᠬᠤᠲᠠ ᠳᠤ 55 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠵᠤ ᠬᠤᠪᠢᠷᠠᠭᠰᠠᠨ 4 ᠵᠢᠱᠢᠶ᠎ᠡ ᠶᠢ ᠪᠠᠭᠲᠠᠭᠠᠨ᠎ᠠ᠂ ᠬᠤᠩᠱᠠᠨ ᠲᠣᠭᠤᠷᠢᠭ ᠲᠤ 2 ᠪᠣᠢ᠂ ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︔ ᠰᠦᠩᠱᠠᠨ ᠲᠣᠭᠤᠷᠢᠭ ᠲᠤ 13 ᠪᠤᠶ᠂ ᠡᠭᠦᠨ ᠤ ᠳᠣᠲᠣᠷᠠᠬᠢ 10 ᠶᠢ ᠨᠢ ᠪᠢᠳᠡᠭᠦᠮᠵᠢᠯᠡᠨ ᠬᠠᠮᠢᠶᠠᠷᠤᠭᠰᠠᠨ ᠬᠦᠮᠦᠰ ᠤᠨ ᠰᠢᠭᠰᠢᠨ ᠪᠠᠶᠢᠴᠠᠭᠠᠯᠲᠠ ᠪᠠᠷ ᠪᠠᠶᠢᠴᠠᠭᠠᠵᠤ ᠭᠠᠷᠭᠠᠪᠠ᠂ 2 ᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ 1 ᠶᠢ ᠨᠢ ᠰᠠᠨᠠᠭᠠᠴᠢᠯᠠᠭ᠎ᠠ ᠠᠴᠠ ᠪᠠᠨ ᠡᠪᠡᠳᠴᠢᠨ   ᠦᠵᠡᠭᠦᠯᠬᠦ ᠬᠦᠮᠦᠰ ᠤᠨ ᠳᠣᠲᠤᠷ᠎ᠠ ᠠᠴᠠ ᠪᠠᠶᠢᠴᠠᠭᠠᠵᠤ ᠭᠠᠷᠭᠠᠪᠠ︔ ᠣᠩᠨᠢᠭᠤᠳ ᠬᠤᠰᠢᠭᠤᠨ ᠳᠤ 40 ᠪᠣᠶ᠂ ᠡᠭᠦᠨ ᠳᠤ 38 ᠶᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ 2 ᠢ ᠨᠢ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠪᠠᠷ ᠪᠠᠶᠢᠴᠠᠭᠠᠵᠤ ᠭᠠᠷᠭᠠᠪᠠ︶᠂ ᠰᠢᠯᠢ ᠶᠢᠨ ᠭᠤᠣᠯ ᠠᠶᠢᠮᠠᠭ ᠲᠤ 2 ︵ᠴᠥᠮ ᠰᠢᠯᠢᠩᠬᠤᠲᠠ ᠳᠤ ᠪᠣᠶ᠂ ᠡᠭᠦᠨ ᠳᠤ 1 ᠶᠢ ᠨᠢ ᠰᠠᠨᠠᠭᠠᠴᠢᠯᠠᠭ᠎ᠠ ᠠᠴᠠ ᠪᠠᠨ ᠡᠪᠡᠳᠴᠢᠨ ᠦᠵᠡᠭᠦᠯᠬᠦ ᠬᠦᠮᠦᠰ ᠤᠨ ᠳᠣᠲᠤᠷ᠎ᠠ ᠠᠴᠠ ᠪᠠᠶᠢᠴᠠᠭᠠᠵᠤ ᠭᠠᠷᠭᠠᠪᠠ᠂ 1 ᠶᠢ ᠨᠢ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠪᠠᠷ ᠪᠠᠶᠢᠴᠠᠭᠠᠵᠤ ᠭᠠᠷᠭᠠᠪᠠ︶︔ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 81 ᠨᠡᠮᠡᠭᠳᠡᠪᠡ᠂ ᠡᠭᠦᠨ ᠳᠤ ᠤᠯᠠᠭᠠᠨᠬᠠᠳᠠ ᠬᠤᠲᠠ ᠳᠤ 74 ︵ᠰᠦᠩᠱᠠᠨ ᠲᠣᠭᠤᠷᠢᠭ ᠲᠤ 1 ᠪᠣᠶ᠂ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠪᠠᠷ ᠪᠠᠶᠢᠴᠠᠭᠠᠵᠤ ᠭᠠᠷᠭᠠᠪᠠ︔ ᠣᠩᠨᠢᠭᠤᠳ ᠬᠤᠰᠢᠭᠤᠨ ᠤ 73 ᠪᠣᠢ᠂ ᠡᠭᠦᠨ ᠳᠤ 72 ᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ 1 ᠶᠢ ᠨᠢ ᠲᠦᠭᠰᠢᠭᠦᠷᠢ ᠶᠡᠬᠡᠲᠡᠢ ᠣᠷᠣᠨ ᠤ ᠰᠢᠭᠰᠢᠨ ᠪᠠᠶᠢᠴᠠᠭᠠᠯᠲᠠ ᠪᠠᠷ ᠪᠠᠶᠢᠴᠠᠭᠠᠵᠤ ᠭᠠᠷᠭᠠᠪᠠ︶᠂ ᠰᠢᠯᠢ ᠶᠢᠨ ᠭᠤᠣᠯ ᠠᠶᠢᠮᠠᠭ ᠲᠤ 7  ︵ᠴᠥᠮ ᠰᠢᠯᠢᠩᠬᠤᠲᠠ ᠳᠤ ᠪᠣᠶ᠂ ᠡᠭᠦᠨ ᠳᠤ 4 ᠶᠢ ᠨᠢ ᠨᠡᠶᠢᠭᠡᠮ ᠲᠣᠭᠤᠷᠢᠭ ᠤᠨ ᠰᠢᠭᠰᠢᠨ ᠪᠠᠶᠢᠴᠠᠭᠠᠯᠲᠠ ᠪᠠᠷ ᠪᠠᠶᠢᠴᠠᠭᠠᠵᠤ ᠭᠠᠷᠭᠠᠪᠠ᠂ 3 ᠶᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶ ᠪᠣᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 1᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠪᠣᠢ᠂ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 1 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ  ︵ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠰᠢᠯᠵᠢᠭᠦᠯᠦᠭᠰᠡᠨ︶       9 ᠳ᠋ᠤᠭᠡᠷ ᠰᠠᠷ᠎ᠠ ᠶᠢᠨ 6 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 150 ᠪᠣᠢ᠂ ᠡᠭᠦᠨ ᠳᠤ ᠬᠥᠬᠡᠬᠤᠲᠠ ᠳᠤ 5 ︵ᠴᠥᠮ ᠬᠦᠷᠴᠦ ᠢᠷᠡᠭᠰᠡᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠭᠰᠠᠨ ᠬᠦᠮᠦᠰ ᠵᠢᠴᠢ ᠣᠶᠢᠷ᠎ᠠ ᠬᠠᠪᠢᠳᠠᠯ︶᠂ ᠬᠥᠯᠥᠨ ᠪᠤᠶᠢᠷ ᠬᠤᠲᠠ ᠳᠤ 7 ︵ᠴᠥᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 107 ︵ᠬᠤᠩᠱᠠᠨ ᠲᠣᠭᠤᠷᠢᠭ ᠲᠤ 3᠂ ᠰᠦᠩᠱᠠᠨ ᠲᠣᠭᠤᠷᠢᠭ ᠲᠤ 15᠂ ᠣᠩᠨᠢᠭᠤᠳ ᠬᠤᠰᠢᠭᠤᠨ ᠳᠤ 89 ᠪᠣᠢ︶᠂ ᠰᠢᠯᠢ ᠶᠢᠨ ᠭᠤᠣᠯ ᠠᠶᠢᠮᠠᠭ ᠲᠤ 26 ︵ᠰᠢᠯᠢᠩᠬᠤᠲᠠ ᠳᠤ 6᠂ ᠡᠷᠢᠶᠡᠨ ᠬᠤᠲᠠ ᠳᠤ 20 ᠪᠣᠢ︶᠂ ᠣᠷᠳᠣᠰ ᠬᠤᠲᠠ ᠳᠤ 5 ︵ᠵᠡᠭᠦᠨᠭᠠᠷ ᠬᠤᠰᠢᠭᠤᠨ ᠳᠤ 1᠂ ᠡᠵᠡᠨ ᠬᠤᠷᠤᠭ᠎ᠠ ᠬᠤᠰᠢᠭᠤᠨ ᠳᠤ 4 ᠪᠣᠢ︶ ᠪᠣᠢ᠂ ᠣᠷᠣᠨ ᠨᠤᠲᠤᠭ ᠤᠨ ᠡᠪᠡᠳᠴᠢᠨ ᠤ  ᠢᠯᠡᠷᠡᠯ ᠦᠭᠡᠢ ᠬᠠᠯᠳᠠᠪᠤᠷᠢᠯᠠᠭᠳᠠᠭᠴᠢ 197 ᠪᠣᠶ᠂ ᠡᠭᠦᠨ ᠳᠤ ᠬᠥᠬᠡᠬᠤᠲᠠ ᠳᠤ 3 ︵ᠴᠥᠮ ᠬᠦᠷᠴᠦ ᠢᠷᠡᠭᠰᠡᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠭᠰᠠᠨ ᠬᠦᠮᠦᠰ ᠵᠢᠴᠢ ᠣᠶᠢᠷ᠎ᠠ ᠬᠠᠪᠢᠳᠠᠯ︶᠂ ᠤᠯᠠᠭᠠᠨᠬᠠᠳᠠ ᠬᠤᠲᠠ ᠳᠤ 139 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 1᠂ ᠣᠩᠨᠢᠭᠤᠳ ᠬᠤᠰᠢᠭᠤᠨ ᠳᠤ 137 ᠪᠣᠢ︶᠂ ᠰᠢᠯᠢ ᠶᠢᠨ ᠭᠤᠣᠯ ᠠᠶᠢᠮᠠᠭ ᠲᠤ 54 ︵ᠰᠢᠯᠢᠩᠬᠤᠲᠠ ᠳᠤ 17᠂ ᠡᠷᠢᠶᠡᠨ ᠬᠤᠲᠠ ᠳᠤ 37 ᠪᠣᠢ︶᠂ ᠠᠯᠠᠱᠠ ᠠᠶᠢᠮᠠᠭ ᠲᠤ 1 ︵ᠠᠯᠠᠱᠠ ᠵᠡᠭᠦᠨ ᠬᠤᠰᠢᠭᠤᠨ ᠳᠤ ᠪᠣᠢ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 15᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 8 ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ