ᠴᠢᠩ ᠱᠦᠢ ᠾᠧ ᠰᠢᠶᠠᠨ ᠨᠠᠢᠮᠠᠨ ᠰᠠᠷ᠎ᠠ ᠶᠢᠨ ᠲᠡᠷᠭᠡᠯ ᠪᠠᠶᠠᠷ·ᠤᠯᠤᠰ ᠤᠨ ᠪᠠᠶᠠᠷ ᠤᠨ︽ᠬᠤᠶᠠᠷ ᠪᠠᠶᠠᠷ︾︾ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠤ ᠬᠠᠮᠲᠤᠷᠠᠭᠰᠠᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/9/8
清水河县开展中秋·国庆“两节”期间食品安全联合检查.jpg
      ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ︽ᠬᠤᠶᠠᠷ ᠪᠠᠶᠠᠷ︾ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠠᠳᠬᠤᠵᠤ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠶᠢᠨ ᠲᠤᠰᠠᠳᠠ᠂ 9 ᠳ᠋ᠦ᠋ᠭᠡᠷ ᠰᠠᠷ᠎ᠠ ᠶᠢᠨ 7 ᠤ ᠡᠳᠦᠷ ᠴᠢᠩ ᠱᠦᠢ ᠾᠧ ᠰᠢᠶᠠᠨ ᠨᠠᠢᠮᠠᠨ ᠰᠠᠷ᠎ᠠ ᠶᠢᠨ ᠲᠡᠷᠭᠡᠯ ᠪᠠᠶᠠᠷ · ᠤᠯᠤᠰ ᠤᠨ ᠪᠠᠶᠠᠷ ᠤᠨ ︽ᠬᠤᠶᠠᠷ ᠪᠠᠶᠠᠷ︾ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠤ ᠬᠠᠮᠲᠤᠷᠠᠭᠰᠠᠨ ᠪᠠᠶᠢᠴᠠᠭᠠᠯᠲᠠ ᠶᠢ ᠥᠷᠨᠢᠭᠦᠯᠪᠡ᠃
清水河县开展中秋·国庆“两节”期间食品安全联合检查2.jpg
      ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠺᠧ ᠳ᠋ᠦ᠋ ᠬᠡᠳᠦ ᠳᠡᠯᠭᠡᠭᠦᠷ᠂ ᠶᠣᠣ ᠸᠠᠨ ᠤ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ᠂ ᠶᠢᠨ ᠦ᠋ ᠶᠧᠪᠠᠩ ᠵᠡᠷᠭᠡ ᠭᠠᠵᠠᠷ ᠲᠤ ᠭᠦᠨᠵᠡᠭᠡᠶᠢᠷᠡᠵᠦ᠂ ᠲᠠᠷᠢᠶᠠᠯᠠᠩ ᠤᠨ ᠮᠠᠰᠢᠨ᠂ ᠷᠦ᠋ ᠢ ᠨᠢᠲᠤᠯᠬᠤ ᠭᠠᠵᠠᠷ᠂ ᠰᠢ ᠶᠤᠸᠠᠢ ᠴᠧᠩ ᠵᠡᠷᠭᠡ ᠭᠠᠵᠠᠷ ᠲᠤ ᠬᠦᠷᠴᠦ᠂ ᠶᠧᠪᠡᠩ᠂ ᠲᠠᠯᠬ᠎ᠠ᠂ ᠮᠢᠬᠠᠨ ᠤ ᠪᠦᠲᠦᠭᠡᠭᠳᠡᠬᠦᠨ᠂ ᠤᠰᠤᠨ ᠭᠠᠷᠤᠯᠲᠠ ᠵᠡᠷᠭᠡ ᠴᠠᠭ ᠤᠯᠠᠷᠢᠯ ᠤᠨ ᠲᠠᠸᠠᠷ ᠵᠢᠴᠢ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠬᠤ᠂ ᠪᠠᠶᠠᠷ ᠤᠨ ᠡᠳᠦᠷ ᠤᠨ ᠬᠡᠷᠡᠭᠯᠡᠭᠡᠨ ᠤ ᠬᠡᠮᠵᠢᠶ᠎ᠡ ᠪᠠᠷ ᠶᠡᠭᠡ ᠲᠠᠸᠠᠷ ᠢ ᠭᠤᠣᠯᠳᠠᠯᠭ᠎ᠠ ᠲᠠᠢ ᠪᠠᠶᠢᠴᠠᠭᠠᠵᠤ᠂ ᠡᠯ᠎ᠡ ᠲᠦᠷᠦᠯ ᠤᠨ ᠡᠵᠡᠩᠨᠡᠯᠲᠡ ᠶᠢᠨ ᠨᠢᠭᠡᠴᠡ ᠶᠢᠨ ᠦᠨᠡᠮᠯᠡᠯ ᠲᠠᠢ ᠪᠠᠷ ᠡᠵᠡᠩᠨᠡᠬᠦ᠂ ᠪᠢᠯᠧᠲ ᠭᠡᠷᠡᠴᠢ ᠠᠪᠬᠤ᠂ ᠠᠮᠤᠷ ᠲᠦᠪᠰᠢᠨ ᠤ ᠬᠠᠮᠢᠶᠠᠷᠤᠯᠲᠠ ᠵᠢᠴᠢ ᠱᠣᠰᠢᠭ᠎ᠠ ᠲᠡᠮᠳᠡᠭ᠂ ᠠᠮᠤᠷ ᠲᠦᠪᠰᠢᠨ ᠡᠷᠡᠭᠦᠯ ᠬᠠᠮᠠᠭᠠᠯᠠᠯ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ᠃
清水河县开展中秋·国庆“两节”期间食品安全联合检查3.jpg
      ᠪᠠᠶᠢᠴᠠᠭᠠᠯᠲᠠ ᠶᠢᠨ ᠳᠤᠮᠳᠠ ᠬᠡᠰᠡᠭ ᠡᠵᠡᠩᠨᠡᠯᠲᠡ ᠶᠢᠨ ᠨᠢᠭᠡᠴᠡ ᠳᠤ ᠢᠳᠡᠭᠡᠨ ᠤ ᠵᠦᠢᠯ ᠤᠨ ᠪᠠᠷᠠᠭ᠎ᠠ ᠣᠷᠣᠭᠤᠯᠤᠭᠰᠠᠨ ᠡᠬᠡ ᠳᠠᠩᠰᠠ ᠪᠦᠷᠢᠨ ᠪᠤᠰᠤ᠂ ᠪᠢᠯᠧᠲ ᠭᠡᠷᠡᠴᠢ ᠠᠪᠬᠤ ᠪᠦᠷᠢᠨ ᠪᠤᠰᠤ᠂ ᠭᠤᠷᠪᠠ ᠶᠢ ᠰᠡᠷᠭᠡᠶᠢᠯᠡᠬᠦ ᠠᠷᠭ᠎ᠠ ᠬᠡᠮᠵᠢᠶ᠎ᠡ ᠭᠦᠢᠴᠡᠳ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠠᠲᠠᠵᠠᠢ᠃ ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠢᠳᠡᠭᠡᠨ ᠤ ᠦᠢᠯᠡᠳᠪᠦᠷᠢᠯᠡᠯ᠂ ᠭᠦᠢᠯᠭᠡᠭᠡ᠂ ᠢᠳᠡᠭᠡᠨ ᠤᠮᠳᠠᠭᠠᠨ ᠤ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠲᠥᠷᠥᠯ ᠵᠦᠢᠯ ᠤᠨ ᠢᠳᠡᠭᠡᠨ ᠤ ᠠᠮᠤᠷ ᠲᠦᠪᠰᠢᠨ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠲᠠᠯᠠᠪᠤᠷ ᠭᠠᠵᠠᠷ ᠲᠠᠬᠢ ᠲᠣᠭᠲᠠᠭᠠᠯ ᠠᠴᠠ ᠵᠥᠷᠢᠴᠡᠨ ᠡᠳ᠋ ᠪᠣᠳᠠᠰ ᠬᠠᠳᠠᠭᠠᠯᠠᠵᠤ ᠪᠠᠶᠢᠭ᠎ᠠ ᠵᠡᠷᠭᠡ ᠦᠶᠯᠡ ᠠᠵᠢᠯᠯᠠᠭ᠎ᠠ ᠶᠢ ᠵᠠᠯᠠᠷᠠᠭᠤᠯᠤᠨ᠂ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠡᠶ᠎ᠡ ᠵᠣᠬᠢᠴᠠᠯ ᠲᠠᠢ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠥᠷᠭᠡᠨ ᠣᠯᠠᠨ ᠬᠤᠲᠠ ᠶᠢᠨ ᠠᠷᠠᠳ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠨ᠂ ᠣᠯᠠᠨ ᠲᠦᠮᠡᠨ ᠤ ᠪᠠᠶᠠᠷ ᠬᠥᠷ ᠲᠠᠢ᠂ ᠥᠯᠵᠡᠢ ᠪᠡᠯᠭᠡ ᠲᠠᠢ᠂ ᠠᠮᠤᠷ ᠠᠮᠤᠭᠤᠯᠠᠩ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠪᠠᠢ ᠬᠠᠢ ᠯᠢᠨ᠂ ᠵᠠᠩ ᠰᠢᠶᠣᠣ ᠨᠢᠩ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠤᠪᠢᠳᠠᠨ ᠬᠠᠮᠢᠶᠠᠷᠴᠤ ᠪᠠᠶᠢᠭ᠎ᠠ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭᠠᠲᠠᠳ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠳᠤ ᠣᠷᠣᠯᠴᠠᠵᠠᠢ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ