ᠭᠤᠤ ᠹᠧᠩ ︽ᠲᠠᠪᠤ ᠶᠢ ᠲᠣᠶᠢᠯᠪᠣᠷᠢᠲᠠᠢ ᠪᠠᠶᠢᠴᠠᠭᠠᠬᠤ︾ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/8
9.8高峰主持召开.jpg
      9 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ︽ᠵᠥᠪᠰᠢᠶᠡᠷᠡᠭᠦᠯᠬᠦ ᠪᠠᠷ ᠪᠠᠶᠢᠭ᠎ᠠ ᠵᠦᠢᠯᠡᠰ︾ ︽ᠰᠤᠯᠠ ᠪᠠᠶᠢᠬᠤ ᠭᠠᠵᠠᠷ ᠰᠢᠷᠣᠶ︾ ︽ᠳᠠᠷᠤᠭᠳᠠᠮᠠᠯ ᠪᠠᠯᠠ ᠮᠥᠩᠭᠦ︾ ︽ᠬᠠᠭᠠᠰ ᠳᠤᠲᠠᠭᠤ ᠢᠨᠵᠧᠨᠧᠷᠢᠩ︾ ︽ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠬᠤ ᠡᠬᠢ ᠪᠠᠶᠠᠯᠢᠭ ᠤᠨ ᠬᠦᠴᠦᠨ ᠵᠦᠢᠯ︾ ᠭᠡᠬᠦ ᠲᠠᠪᠤᠨ ᠰᠠᠭᠤᠷᠢ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠭᠤᠤᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ ᠳᠣᠭᠢᠷᠠᠭᠤᠯᠤᠨ ᠪᠠᠶᠢᠷᠢᠯᠠᠭᠤᠯᠵᠤ ᠳᠣᠭᠢᠷᠠᠭᠤᠯᠤᠨ ᠠᠬᠢᠭᠤᠯᠪᠠ᠃      ᠬᠤᠷᠠᠯ ᠠᠴᠠ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠱᠠᠳᠤ ᠱᠠᠳᠤ ᠪᠠᠷ ᠳᠠᠷᠤᠯᠲᠠ ᠥᠭᠴᠦ᠂ ᠡᠭᠦᠷᠭᠡ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠨᠢᠭᠲᠠ ᠲᠤᠬᠢᠷᠠᠭᠤᠯᠤᠨ ᠠᠬᠢᠭᠤᠯᠬᠤ ᠬᠡᠷᠡᠭᠲᠡᠢ᠃ ᠰᠢᠯᠲᠠᠭᠠᠨ ᠢ ᠨᠢ ᠣᠨᠣᠪᠴᠢᠲᠠᠢ ᠡᠷᠢᠵᠦ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠪᠦᠲᠦᠮᠵᠢᠲᠡᠢ ᠠᠬᠢᠭᠤᠯᠵᠤ᠂ ︽ᠬᠠᠭᠠᠰ ᠳᠤᠲᠠᠭᠤ︾ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠰᠤᠯᠠ ᠪᠠᠶᠢᠭ᠎ᠠ ᠦᠷ᠎ᠡ ᠠᠰᠢᠭ ᠢᠶᠠᠷ ᠳᠣᠣᠷ᠎ᠠ ᠭᠠᠵᠠᠷ ᠰᠢᠷᠣᠢ ᠶᠢ ᠠᠮᠢᠳᠤᠯᠢᠭᠵᠢᠭᠤᠯᠤᠨ ᠥᠨᠳᠥᠷ ᠪᠦᠲᠦᠮᠵᠢᠲᠡᠢ ᠠᠰᠢᠭᠯᠠᠵᠤ᠂ ᠳᠠᠷᠤᠭᠳᠠᠵᠤ ᠪᠠᠶᠢᠭ᠎ᠠ ᠪᠡᠯᠡ ᠮᠥᠩᠭᠦ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠵᠤ᠂ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠢ ᠠᠰᠢᠭᠯᠠᠵᠤ᠂ ᠴᠢᠨᠠᠷ ᠰᠠᠶᠢᠲᠠᠢ ᠬᠥᠭᠵᠢᠯᠲᠡ ᠳᠤ ᠡᠨᠧᠷᠭᠢ ᠬᠤᠷᠠᠮᠳᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠬᠢᠨᠠᠨ ᠵᠢᠯᠣᠭᠤᠳᠴᠤ ᠤᠯᠠᠨ ᠳᠤ ᠮᠡᠳᠡᠭᠳᠡᠬᠦ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠦᠨᠳᠦᠰᠦᠨ ᠱᠠᠲᠤᠨ ᠤ ᠠᠵᠢᠯ ᠳᠤ ᠠᠯᠢ ᠲᠦᠷᠭᠡᠨ ᠢᠶᠠᠷ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠠᠳᠡᠯ ᠤᠨ ᠭᠡᠮ ᠰᠣᠭᠤᠭ ᠢ ᠵᠠᠰᠠᠬᠤ ᠠᠵᠢᠯ ᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠠᠳᠬᠤᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠠᠳᠡᠯ ᠤᠨ ᠭᠡᠮ ᠰᠣᠭᠤᠭ ᠢ ᠡᠬᠢ ᠡᠭᠦᠰᠦᠯ ᠠᠴᠠ ᠨᠢ ᠲᠦᠢᠯᠪᠤᠷᠢᠲᠠᠢ ᠠᠷᠢᠯᠭᠠᠵᠤ᠂ ᠠᠮᠤᠷ ᠲᠦᠪᠰᠢᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠦᠢᠯᠡᠴᠢᠯᠡᠭᠡᠨ ᠤ ᠠᠵᠢᠯ ᠢ ᠭᠦᠨᠵᠡᠭᠡᠢ ᠥᠷᠨᠢᠭᠦᠯᠵᠦ᠂ ᠠᠵᠤ ᠠᠬᠤᠶᠢᠯᠠᠯ ᠤᠨ ᠦᠢᠯᠡᠴᠢᠯᠡᠭᠡ᠂ ᠠᠵᠤ ᠠᠬᠤᠶᠢᠯᠠᠯ ᠤᠨ ᠪᠤᠶᠢᠵᠢᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠢ ᠵᠣᠯᠭᠠᠭᠤᠯᠵᠤ᠂ ᠠᠵᠤ ᠠᠬᠤᠶᠢᠯᠠᠯ ᠳᠤ ︽ᠦᠢᠯᠡᠴᠢᠯᠡᠭᠴᠢ︾᠂ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃      ᠰᠢᠶᠠᠨ ᠤ ᠤᠳᠤᠷᠢᠳᠤᠯᠭ᠎ᠠ ᠯᠢᠦᠶ ᠶᠣᠣ ᠯᠦᠩ᠂ ᠪᠠᠶ ᠬᠤᠤ᠂ ‍ᠤᠤᠢ ᠴᠧᠩ ᠬᠤ᠋᠂ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠬᠠᠮᠢᠶ᠎ᠠ ᠪᠥᠬᠦᠶ ᠨᠢᠭᠡᠴᠡ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ