ᠬᠤᠷᠢᠨᠭᠡᠷ ᠰᠢᠶᠠᠨ ᠤ ᠤᠯᠤᠰ ᠲᠦᠷᠦ ᠶᠢᠨ ᠵᠥᠪᠯᠡᠯᠭᠡᠨ ᠬᠡᠰᠡᠭ ᠭᠡᠰᠢᠭᠦᠳ ᠢ ᠵᠣᠬᠢᠶᠠᠨ ᠪᠠᠶᠢᠭᠤᠯᠵᠤ ᠬᠤᠲᠠ ᠶᠢᠨ ᠬᠤᠲᠣᠩ ᠠᠷᠠᠳ ᠤᠨ ᠲᠣᠭᠤᠷᠢᠭ᠂ ᠢᠦᠢ ᠴᠢᠤᠸᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯ ᠤᠨ ᠦᠷᠲᠡᠭᠡ ᠶᠢᠨ ᠪᠠᠶᠢᠭᠤᠯᠤᠯᠲᠠ ᠶᠢᠨ ᠪᠠᠶᠢᠳᠠᠯ ᠢ ᠲᠤᠭᠤᠷᠢᠨ ᠦᠵᠡᠪᠡ
ᠨᠡᠶᠢᠲᠡᠯᠡᠭᠰᠡᠨ ᠴᠠᠭ᠄
2022/9/8
9.8县政协组织部分委员参观考察市回民区、玉泉区政协委员工作站建设情况.jpg
      ᠪᠥᠬᠦ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠠᠵᠢᠯ ᠤᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠣᠶᠢᠷ᠎ᠠ ᠳᠤ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠶᠦᠨ ᠵᠢᠶ ᠶᠢᠩ ᠠᠵᠤ ᠠᠬᠤᠶ ᠶᠢᠨ ᠡᠲᠡᠭᠡᠳ᠂ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠬᠡᠰᠡᠭ ᠭᠡᠰᠢᠭᠦᠳ ᠢ ᠳᠠᠭᠠᠭᠤᠯᠤᠨ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ᠂ ᠢᠦᠢ ᠴᠢᠤᠸᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠠᠵᠢᠯ ᠤᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠵᠦ᠂ ᠰᠤᠷᠤᠯᠴᠠᠵᠤ ᠰᠣᠯᠢᠯᠴᠠᠬᠤ ᠠᠵᠢᠯᠯᠠᠭ᠎ᠠ ᠥᠷᠨᠢᠭᠦᠯᠪᠡ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠬᠤᠲᠣᠩ ᠠᠷᠠᠳ ᠤᠨ ᠲᠣᠭᠤᠷᠢᠭ ᠤᠨ ᠰᠢᠨ ᠬᠤᠸᠠ ᠪᠠᠷᠠᠭᠤᠨ ᠵᠠᠮ ᠤᠨ ᠬᠡᠷᠡᠭ ᠡᠷᠬᠢᠯᠡᠬᠦ ᠭᠠᠵᠠᠷ ᠤᠨ ᠲᠦᠩ ᠳ᠋ᠣᠣ ᠬᠤᠶᠢᠲᠤ ᠵᠡᠭᠡᠯᠢ ᠨᠡᠶᠢᠭᠡᠮ ᠲᠣᠭᠤᠷᠢᠭ᠂ ᠢᠦᠢ ᠴᠢᠤᠸᠠᠨ ᠲᠣᠭᠤᠷᠢᠭ ᠤᠨ ᠳ᠋ᠠ ᠨᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠯᠢᠶᠠᠩ ᠱᠠᠨ ᠵᠡᠭᠡᠯᠢ ᠨᠡᠶᠢᠭᠡᠮ ᠲᠣᠭᠤᠷᠢᠭ ᠢᠶᠠᠷ ᠲᠣᠭᠤᠷᠢᠨ ᠦᠵᠡᠵᠦ᠂ ᠶᠡᠭᠡ ᠵᠤᠤ ᠰᠦᠮ᠎ᠡ ᠶᠢᠨ ᠲᠡᠦᠬᠡ ᠰᠣᠶᠣᠯ ᠵᠤᠭᠠᠴᠠᠯ ᠤᠨ ᠲᠣᠭᠤᠷᠢᠭ ᠤᠨ ᠢᠦᠢ ᠴᠢᠤᠸᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯᠯᠠᠭ᠎ᠠ ᠶᠢᠨ ᠲᠥᠪ ᠢᠶᠠᠷ ᠲᠣᠭᠤᠷᠢᠨ ᠦᠵᠡᠵᠦ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠤ ᠨᠡᠶᠢᠭᠡᠮ ᠲᠣᠭᠤᠷᠢᠭ ᠤᠨ ᠠᠵᠢᠯ᠂ ᠠᠵᠢᠯᠯᠠᠭ᠎ᠠ ᠶᠢᠨ ᠲᠥᠪ ᠤᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃      ᠲᠤᠰ ᠤᠳᠠᠭᠠᠨ ᠤ ᠲᠣᠭᠤᠷᠢᠨ ᠪᠠᠶᠢᠴᠠᠭᠠᠯᠲᠠ ᠪᠠᠷ ᠳᠡᠮᠵᠢᠨ᠂ ᠭᠡᠰᠢᠭᠦᠳ ᠤᠨ ᠠᠵᠢᠯᠯᠠᠬᠤ ᠦᠷᠳᠡᠭᠡ ᠶᠢᠨ ᠰᠤᠷᠤᠯᠴᠠᠯᠭ᠎ᠠ ᠰᠣᠯᠢᠯᠴᠠᠭ᠎ᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠬᠤ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ  ᠠᠵᠢᠯ ᠢ ᠰᠠᠶᠢᠲᠤᠷ ᠬᠢᠬᠦ ᠴᠢᠬᠤᠯᠠ ᠠᠴᠢᠶᠠᠯᠠᠪᠤᠷᠢ ᠪᠠ ᠲᠠᠪᠴᠠᠩ ᠤᠨ ᠲᠠᠯ᠎ᠠ ᠪᠠᠷ ᠭᠦᠢᠴᠡᠳ ᠲᠠᠨᠢᠯᠲᠠ ᠲᠠᠢ ᠪᠣᠯᠪᠠ᠃ ᠭᠡᠰᠢᠭᠦᠳ ᠤᠨ ᠠᠵᠢᠯ ᠤᠨ ᠦᠷᠳᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠭᠡᠰᠢᠭᠦᠳ ᠤᠨ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠬᠢᠷᠢ ᠬᠡᠮᠵᠢᠶ᠎ᠡ ᠶᠢ ᠠᠬᠢᠭᠤᠯᠤᠨ ᠳᠡᠭᠡᠭᠰᠢᠯᠡᠭᠦᠯᠬᠦ ᠢᠳᠡᠪᠬᠢᠲᠡᠶ ᠦᠢᠯᠡᠳᠦᠯ ᠤᠨ ᠲᠤᠬᠠᠶ ᠤᠯᠠᠮ ᠨᠢᠭᠡ ᠠᠯᠬᠤᠮ ᠲᠠᠨᠢᠯᠲᠠ ᠲᠠᠢ ᠪᠤᠯᠵᠤ᠂ ᠡᠯ᠎ᠡ ᠡᠲᠡᠭᠡᠳ ᠤᠨ ᠭᠡᠰᠢᠭᠦᠳ ᠤᠨ ᠥᠷᠨᠢᠭᠦᠯᠦᠭᠰᠡᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠭᠡᠰᠢᠭᠦᠳ ᠤᠨ ᠠᠵᠢᠯ ᠤᠨ ᠦᠷᠳᠡᠭᠡ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠭᠡᠰᠢᠭᠦᠳ ᠤᠨ ᠠᠵᠢᠯ ᠤᠨ ᠦᠷᠳᠡᠭᠡ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠴᠢᠷᠮᠠᠶᠢᠨ ᠪᠠᠳᠠᠷᠠᠭᠤᠯᠤᠨ᠎ᠠ ᠭᠡᠵᠦ ᠤᠯᠠᠨ ᠢᠶᠠᠷ ᠢᠶᠠᠨ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠭᠰᠡᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ