ᠬᠤᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠬᠤᠷᠢᠨᠭᠡᠷ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/8
9.8市调研组调研和林格尔县民族团结进步创建工作.jpg
      9 ᠰᠠᠷ᠎ᠠ ᠶᠢᠨ 6 ᠤ ᠡᠳᠦᠷ᠂ ᠬᠤᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠷᠢᠨᠭᠡᠷ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠠᠷᠠᠳ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠯᠢᠦ ᠶᠦᠩ ᠴᠦᠨ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦ ᠨᠢᠩ᠂ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠵᠢᠴᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠵᠠᠶ᠃      ᠶᠠᠷᠢᠯᠴᠠᠬᠤ ᠬᠤᠷᠠᠯ ᠳᠡᠭᠡᠷ᠎ᠡ᠂ ᠯᠢᠦ ᠨᠢᠩ ᠬᠤᠷᠢᠨᠭᠡᠷ ᠰᠢᠶᠠᠨ ᠤ ᠣᠶᠢᠷ᠎ᠠ ᠶᠢᠨ ᠬᠤᠭᠤᠴᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠲᠣᠭᠤᠷᠢᠨ ᠳᠤ ᠥᠷᠨᠢᠭᠦᠯᠦᠭᠰᠡᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠵᠢᠴᠢ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠵᠡᠷᠭᠡ ᠠᠵᠢᠯ ᠤᠨ ᠪᠠᠶᠢᠳᠠᠯ ᠤᠨ ᠲᠣᠭᠤᠷᠢᠨ ᠳᠤ ᠪᠥᠬᠦ ᠲᠠᠯ᠎ᠠ ᠶᠢᠨ ᠬᠠᠷᠢᠭᠤ ᠮᠡᠳᠡᠭᠦᠯᠦᠯᠲᠡ ᠬᠢᠵᠡᠶ᠃      ᠮᠠᠨ ᠤ ᠰᠢᠶᠠᠨ ᠤ ᠣᠶᠢᠷ᠎ᠠ ᠶᠢᠨ ᠬᠤᠭᠤᠴᠠᠭᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠢᠯᠡᠷᠬᠡᠶᠢᠯᠡᠬᠦ ᠳᠡᠭᠡᠨ᠂ ᠬᠤᠷᠢᠨᠭᠡᠷ ᠰᠢᠶᠠᠨ ᠤ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠨᠢ ᠢᠮᠠᠭᠲᠠ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠡᠨᠡ ᠬᠦ ᠭᠤᠤᠯ ᠱᠤᠭᠤᠮ ᠢ ᠴᠢᠩᠭ᠎ᠠ ᠠᠳᠬᠤᠨ᠂ ᠦᠵᠡᠯ ᠰᠠᠨᠠᠭ᠎ᠠ ᠪᠠᠨ ᠰᠤᠯᠠᠷᠠᠭᠤᠯᠬᠤ ᠥᠬᠡᠶ᠂ ᠡᠷᠴᠢᠮ ᠢᠶᠠᠨ ᠰᠤᠯᠠᠷᠠᠭᠤᠯᠬᠤ ᠥᠬᠡᠶ᠂ ᠪᠠᠷᠢᠮᠵᠢᠶ᠎ᠠ ᠪᠠᠨ ᠪᠠᠭᠤᠷᠠᠭᠤᠯᠬᠤ ᠥᠬᠡᠶ ᠪᠠᠶᠢᠵᠤ᠂ ᠡᠭᠦᠳᠦᠨ ᠪᠠᠶᠢᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ ᠭᠡᠵᠡᠶ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠪᠦᠲᠦᠭᠡᠨ ᠪᠠᠶᠢᠭᠤᠯᠬᠤ ᠶᠡᠷᠦᠩᠬᠡᠶ ᠱᠠᠭᠠᠷᠳᠠᠯᠭ᠎ᠠ᠂ ᠭᠤᠣᠯ ᠡᠭᠦᠷᠭᠡ ᠪᠠ ᠲᠦᠷᠦ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠳᠡᠭᠡᠷ᠎ᠡ ᠦᠨᠡᠨ ᠬᠦ ᠨᠢᠭᠡᠳᠬᠡᠵᠦ᠂ ᠬᠠᠷᠠᠯᠲᠠ ᠪᠠ ᠰᠡᠳᠬᠢᠴᠡ ᠪᠠᠨ ᠰᠠᠶᠢᠲᠤᠷ ᠲᠣᠭᠲᠠᠭᠠᠵᠤ᠂ ᠡᠭᠦᠷᠭᠡ ᠪᠠ ᠠᠷᠭ᠎ᠠ ᠬᠡᠮᠵᠢᠶ᠎ᠡ ᠪᠠᠨ ᠲᠥᠯᠥᠪᠵᠢᠭᠦᠯᠦᠨ ᠬᠡᠷᠡᠭᠵᠢᠭᠦᠯᠵᠦ᠂ ᠪᠠᠲᠤ ᠪᠠᠬᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠪᠠᠷ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠢᠷᠢ ᠲᠦᠪᠰᠢᠨ ᠪᠠ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠢᠳᠡᠪᠬᠢᠲᠡᠶ ᠰᠦᠪᠡᠭᠴᠢᠯᠡᠵᠦ᠂ ᠬᠥᠬᠡᠬᠤᠲᠠ ᠶᠢᠨ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ︾ ᠶᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠡᠶ᠃      ᠡᠭᠦᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠤ ᠴᠧᠩ ᠭᠤᠸᠠᠨ ᠪᠠᠯᠭᠠᠰᠤ ᠶᠢᠨ ᠠᠭᠤᠳᠠᠮ ᠲᠠᠯᠠᠪᠠᠢ ᠶᠢᠨ ᠨᠡᠶᠢᠭᠡᠮ ᠲᠣᠭᠤᠷᠢᠭ᠂ ᠰᠢᠶᠠᠨ ᠤ ᠰᠣᠶᠣᠯ ᠤᠨ ᠣᠷᠳᠣᠨ ᠳᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ᠰᠢᠨᠵᠢᠯᠡᠨ ᠪᠠᠶᠢᠴᠠᠭᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠰᠢᠶᠠᠨ ᠤ ᠡᠭᠦᠳᠦᠨ ᠪᠠᠶᠢᠭᠤᠯᠬᠤ ᠠᠵᠢᠯ ᠢ ᠤᠯᠠᠮ ᠴᠢᠨᠠᠭᠰᠢᠳᠠ ᠭᠦᠨᠵᠡᠭᠡᠢ ᠤᠢᠢᠯᠠᠭᠠᠭᠰᠠᠨ ᠪᠥᠭᠡᠳ ᠡᠭᠦᠳᠦᠨ ᠪᠠᠶᠢᠭᠤᠯᠬᠤ ᠶᠠᠪᠤᠴᠠ ᠳᠠᠬᠢ ᠠᠵᠢᠯ ᠤᠨ ᠬᠢᠯᠠᠰ ᠴᠡᠭ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠵᠢᠴᠢ ᠣᠯᠤᠭᠰᠠᠨ ᠦᠷ᠎ᠡ ᠪᠦᠲᠦᠮᠵᠢ ᠶᠢ ᠳᠡᠭᠡᠳᠦ ᠬᠡᠮᠵᠢᠶ᠎ᠡ ᠪᠠᠷ ᠮᠡᠳᠡᠷᠡᠪᠡ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ