ᠭᠤᠷᠪᠠᠳᠤᠭᠠᠷ ᠬᠤᠭᠤᠴᠠᠭᠠᠨ ᠤ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠰᠢᠨ᠎ᠡ ᠶᠢ ᠡᠭᠦᠳᠬᠦ ᠦᠢᠯᠡᠰ ᠴᠣᠭᠴᠠᠯᠠᠬᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2022/9/8
      ︵ᠰᠤᠷᠪᠤᠯᠵᠢᠯᠠᠭᠴᠢ ᠦ᠋ ᠽᠢ ᠰᠢᠤᠸᠠᠨ︶ 9  ᠳ᠋ᠤᠭᠡᠷ ᠰᠠᠷ᠎ᠠ ᠶᠢᠨ 6 ᠤ ᠡᠳᠦᠷ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠪ ᠠᠴᠠ ᠳᠠᠭᠠᠭᠠᠴᠢᠯᠠᠨ ᠡᠷᠬᠢᠯᠡᠭᠰᠡᠨ ᠭᠤᠷᠪᠠᠳᠤᠭᠠᠷ ᠬᠤᠭᠤᠴᠠᠭᠠᠨ ᠤ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠰᠢᠨ᠎ᠡ ᠶᠢ ᠡᠭᠦᠳᠬᠦ ᠦᠢᠯᠡᠰ ᠪᠣᠰᠬᠠᠬᠤ ᠤᠷᠤᠯᠳᠤᠭᠠᠨ  ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠡᠬᠢᠯᠡᠵᠦ᠂ ᠪᠦᠬᠦ ᠬᠤᠳᠠ ᠶᠢᠨ 136 ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠣᠷᠤᠯᠴᠠᠵᠠᠢ᠃      ᠲᠤᠰ ᠤᠳᠠᠭ᠎ᠠ ᠶᠢᠨ ᠤᠷᠤᠯᠳᠤᠭᠠᠨ ᠨᠢ ︽ᠣᠨᠴᠠ ᠲᠣᠮᠢᠯᠠᠭᠳᠠᠭᠰᠠᠳ ᠤᠨ ᠴᠤᠭ ᠵᠢᠪᠬᠤᠭ᠎ᠠ ᠶᠢ ᠬᠠᠷᠠᠭᠤᠯᠵᠤ᠂ ᠰᠢᠨ᠎ᠡ ᠬᠥᠳᠡᠭᠡ ᠠᠵᠤ ᠠᠬᠤᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ︾ ᠪᠠᠷ ᠭᠤᠣᠯ ᠰᠡᠳᠦᠪ ᠪᠣᠯᠭᠠᠵᠤ᠂ ᠡᠯ᠎ᠡ ᠬᠦᠷᠢᠶᠡᠨ ᠤ ᠲᠤᠰᠬᠠᠢ ᠮᠡᠷᠭᠡᠵᠢᠯᠲᠡᠨ ᠢ ᠰᠢᠯᠭᠠᠷᠠᠭᠤᠯᠬᠤ ᠺᠣᠮᠢᠰ ᠤᠨ ᠭᠡᠰᠢᠭᠦᠨ ᠢᠶᠠᠷ ᠣᠷᠢᠵᠠᠢ᠂ ᠣᠷᠤᠯᠳᠤᠭᠠᠨ ᠢ ᠬᠤᠪᠢ ᠬᠥᠮᠥᠨ ᠤ ᠤᠷᠤᠯᠳᠤᠭᠠᠨ ᠪᠠ ᠪᠦᠯᠬᠦᠮ ᠤᠨ ᠤᠷᠤᠯᠳᠤᠭᠠᠨ ᠭᠡᠵᠦ ᠬᠤᠪᠢᠶᠠᠪᠠ᠂ ᠡᠭᠦᠨ ᠳᠤ ᠬᠤᠪᠢ ᠬᠥᠮᠥᠨ ᠤ ᠤᠷᠤᠯᠳᠤᠭᠠᠨ ᠢ ᠮᠡᠷᠭᠡᠵᠢᠯ ᠤᠨ ᠦᠢᠯᠡᠴᠢᠯᠡᠭᠡᠨ ᠤ ᠬᠡᠯᠪᠡᠷᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠪᠣᠰᠬᠠᠬᠤ ᠬᠡᠯᠪᠡᠷᠢ ᠭᠡᠬᠦ ᠬᠤᠶᠠᠷ ᠲᠦᠷᠦᠯ ᠳᠤ ᠬᠤᠪᠢᠶᠠᠨ ᠶᠠᠪᠤᠭᠳᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠰᠢᠨ᠎ᠡ ᠶᠢ ᠡᠭᠦᠳᠬᠦ ᠦᠢᠯᠡᠰ ᠪᠣᠰᠬᠠᠬᠤ ᠴᠢᠳᠠᠪᠤᠷᠢ ᠶᠢ ᠭᠤᠣᠯᠳᠠᠯᠭ᠎ᠠ ᠲᠠᠢ ᠰᠢᠨᠵᠢᠯᠡᠨ ᠪᠠᠶᠢᠴᠠᠭᠠᠵᠤ᠂ ᠬᠤᠪᠢ ᠬᠥᠮᠥᠨ ᠥᠭᠦᠯᠡᠨ ᠦᠵᠡᠭᠦᠯᠬᠦ ᠵᠡᠷᠭᠡ ᠬᠡᠯᠪᠡᠷᠢ ᠪᠠᠷ ᠶᠠᠪᠤᠭᠳᠠᠭᠤᠯᠤᠨ᠎ᠠ︔ ᠪᠦᠯᠬᠦᠮ ᠤᠨ ᠤᠷᠤᠯᠳᠤᠭᠠᠨ ᠳᠤ ᠮᠡᠳᠡᠯᠭᠡ ᠶᠢᠨ ᠤᠷᠤᠯᠳᠤᠭᠠᠨ ᠤ ᠵᠠᠭᠪᠤᠷ ᠢ ᠬᠡᠷᠡᠭᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠪᠦᠯᠬᠦᠮ ᠬᠠᠷᠢᠶ᠎ᠠ ᠣᠷᠣᠨ ᠤ ᠪᠠᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠵᠣᠬᠢᠶᠠᠨ ᠪᠠᠶᠢᠭᠤᠯᠵᠤ ᠲᠥᠯᠥᠭᠡᠯᠡᠭᠴᠢᠳ ᠤᠨ ᠠᠩᠭᠢ ᠪᠠᠶᠢᠭᠤᠯᠤᠨ ᠤᠷᠤᠯᠳᠤᠭᠠᠨ ᠳᠤ ᠣᠷᠣᠯᠴᠠᠭᠤᠯᠤᠨ᠎ᠠ᠃ ᠣᠷᠣᠯᠳᠤᠭᠠᠨ ᠨᠢ ᠲᠣᠭᠤᠶᠢᠯᠠᠩ ᠬᠤᠪᠢᠶᠠᠨ ᠲᠤᠰᠪᠦᠷᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠲᠡᠰ ᠤᠨ ᠱᠠᠩᠨᠠᠯ ᠢ  ᠰᠢᠯᠭᠠᠷᠠᠭᠤᠯᠤᠨ᠎ᠠ᠂   ᠲᠣᠰ ᠤᠳᠠᠭᠠᠨ ᠤ ᠤᠷᠤᠯᠳᠤᠭᠠᠨ ᠤ ᠬᠢᠷᠢ ᠪᠦᠲᠦᠮᠵᠢ ᠨᠢ  ᠲᠠᠷᠠᠭ᠎ᠠ ᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠰᠣᠩᠭᠤᠨ ᠣᠷᠢᠵᠤ ᠬᠡᠷᠡᠭᠯᠡᠬᠦ ᠠᠵᠢᠯ ᠤᠨ ᠴᠢᠬᠤᠯᠠ ᠯᠠᠪᠯᠠᠬᠤ ᠦᠨᠳᠦᠰᠦᠯᠡᠯ  ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ